ᠬᠠᠪᠤᠷ ᠤᠨ ᠤᠯᠠᠷᠢᠯ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠬᠦ ᠶᠢᠨ ᠲᠥᠯᠥᠭᠡ᠂ ᠰᠠᠶᠢᠬᠤᠰᠤ ᠪᠠᠯᠭᠠᠰᠤᠨ ᠤ ᠲᠥᠯᠥᠭᠡᠯᠡᠭᠴᠢ ᠭᠡᠰᠢᠭᠦᠳ ᠨᠢᠭᠡᠳᠦᠭᠡᠷ | ᠹᠷᠣᠨᠲ ᠲᠤ ᠭᠦᠨᠵᠡᠭᠡᠶᠢᠷᠡᠨ ᠤᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠢᠳᠡᠪᠬᠢᠲᠡᠢ ᠬᠦᠴᠦ | ᠨᠡᠮᠡᠷᠢᠯᠡᠵᠦ᠂ ᠪᠦᠬᠦ ᠵᠢᠯ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠤᠨ ᠰᠠᠶᠢᠨ ᠡᠬᠢᠯᠡᠯᠲᠡ ᠲᠠᠢ᠂ | ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠵᠠᠢ᠃ | ᠤᠷᠢᠲᠠ ᠪᠠᠷ ᠬᠢᠨᠠᠯᠲᠠ ᠲᠠᠯᠪᠢᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠨ ᠡᠬᠢᠯᠡᠭᠦᠯᠬᠦ ᠳᠤ | ᠬᠦᠴᠦ ᠨᠡᠮᠡᠷᠢᠯᠡᠨ᠎ᠡ | ᠰᠠᠶᠢᠬᠤᠰᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠤᠯᠢ | ᠴᠠᠭᠠᠵᠠ ᠶᠢᠨ ᠭᠠᠵᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠠᠩᠭᠢ᠂ ᠬᠡᠰᠡᠭ ᠲᠥᠯᠥᠭᠡᠯᠡᠭᠴᠢ | ᠭᠡᠰᠢᠭᠦᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠳᠡᠯᠭᠡᠭᠦᠷ ᠲᠤ ᠭᠦᠨᠵᠡᠭᠡᠶᠢᠷᠡᠨ | ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠳᠡᠯᠭᠡᠭᠦᠷ ᠤᠨ ᠳᠣᠲᠣᠷᠠᠬᠢ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ ᠱᠣᠰᠢᠭ᠎ᠠ ᠳᠡᠮᠳᠡᠭ ᠵᠡᠷᠭᠡ | ᠮᠡᠳᠡᠭᠡ ᠵᠠᠩᠭᠢ ᠶᠢ ᠨᠠᠷᠢᠨ ᠪᠠᠶᠢᠴᠠᠭᠠᠨ ᠦᠵᠡᠭᠰᠡᠨ ᠪᠥᠭᠡᠳ ᠡᠵᠡᠩᠨᠡᠭᠴᠢᠳ ᠲᠤ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠬᠢᠵᠦ᠂ ᠡᠵᠡᠩᠨᠡᠭᠴᠢᠳ ᠲᠤ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠵᠦ᠂ ᠡᠵᠡᠩᠨᠡᠯᠲᠡ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠲᠠᠷᠢᠶᠠᠨ ᠡᠮ ᠤᠨ ᠶᠠᠰᠤ ᠴᠢᠨᠠᠷ ᠤᠨ | ᠠᠮᠤᠷ ᠲᠦᠪᠰᠢᠨ ᠤ ᠪᠣᠭᠤᠮᠲᠠ ᠶᠢ ᠴᠢᠩᠭ᠎ᠠ ᠰᠠᠬᠢᠵᠤ᠂ ᠲᠠᠷᠢᠶᠠᠨ ᠡᠮ ᠤᠨ ᠠᠮᠤᠷ ᠲᠦᠪᠰᠢᠨ᠂ ᠰᠢᠨᠵᠢᠯᠡᠬᠦ ᠤᠬᠠᠭᠠᠨᠴᠢ ᠪᠠᠷ | ᠬᠡᠷᠡᠭᠯᠡᠬᠦ ᠮᠡᠷᠭᠡᠵᠢᠯ ᠤᠨ ᠵᠢᠯᠤᠭᠤᠳᠤᠯᠭ᠎ᠠ ᠶᠢᠨ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ ᠭᠡᠵᠦ ᠰᠠᠨᠠᠭᠤᠯᠪᠠ᠃ | ᠲᠤᠰᠢᠶᠠᠯ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠭᠦᠢᠴᠡᠳᠭᠡᠵᠤ᠂ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠪᠠᠲᠤᠯᠠᠭ᠎ᠠ ᠶᠢᠨ | ᠲᠠᠷᠢᠶᠠᠴᠢᠨ ᠠᠶᠢᠯ ᠤᠨ ᠬᠦᠷᠢᠶ᠎ᠡ ᠬᠠᠰᠢᠶ᠎ᠠ᠂ ᠲᠠᠷᠢᠶᠠᠨ ᠭᠠᠵᠠᠷ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠭᠤᠣᠯ ᠳᠠᠶᠢᠨ ᠤ ᠲᠠᠯᠠᠪᠤᠷ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ᠰᠦᠯᠢᠶᠣᠣ | ᠪᠦᠷᠬᠦᠭᠦᠯ ᠤᠨ ᠪᠦᠷᠬᠦᠴᠡ ᠶᠢᠨ ᠱᠠᠭᠠᠷᠳᠠᠯᠭ᠎ᠠ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ᠂ | ᠤᠰᠤ ᠠᠷᠪᠢᠯᠠᠬᠤ ᠲᠦᠷᠢᠮ ᠲᠥᠷᠥ ᠶᠢᠨ ᠪᠣᠳᠣᠯᠭ᠎ᠠ ᠵᠡᠷᠭᠡ ᠶᠢ ᠲᠠᠷᠢᠮᠠᠯ ᠤᠨ ᠲᠣᠮᠣ ᠡᠷᠦᠬᠡ ᠳᠤ ᠨᠠᠷᠢᠨ ᠲᠠᠶᠢᠯᠪᠤᠷᠢᠯᠠᠵᠤ | ᠥᠭᠬᠦ ᠶᠢᠨ ᠬᠠᠮᠲᠤ ᠣᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠳᠤᠮᠳᠠ ᠲᠣᠬᠢᠶᠠᠯᠳᠤᠭᠰᠠᠨ ︽ | ᠪᠠᠴᠢᠮ ᠪᠡᠷᠬᠡ ᠵᠣᠪᠠᠨᠢᠯ︾ ᠠᠰᠠᠭᠤᠳᠠᠯ ᠪᠠ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠣᠯᠠᠨ ᠲᠦᠮᠡᠨ ᠢ ᠳᠠᠶᠢᠴᠢᠯᠠᠨ | ᠲᠠᠷᠢᠶᠠᠯᠠᠩ ᠤᠨ ᠠᠵᠤ ᠤᠶᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠲᠠᠷᠢᠮᠠᠯ ᠤᠨ ᠲᠣᠮᠣ ᠡᠷᠦᠬᠡ ᠶᠢ | ᠬᠥᠲᠥᠯᠦᠨ ᠵᠢᠯᠣᠭᠤᠳᠴᠤ ᠪᠠᠶᠢᠭᠠᠳ ᠤᠰᠤ ᠪᠠᠭ᠎ᠠ ᠬᠤᠷᠣᠭᠳᠠᠭᠤᠯᠬᠤ ᠲᠠᠷᠢᠮᠠᠯ ᠤᠨ ᠵᠤᠶᠢᠯ ᠢ ᠢᠳᠡᠪᠬᠢᠲᠡᠶ ᠪᠠᠷ | ᠳᠠᠷᠢᠭᠤᠯᠬᠤ ᠬᠡᠷᠡᠭᠲᠡᠶ᠃ | ᠤᠬᠠᠭᠤᠯᠭ᠎ᠠ ᠪᠠᠨ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠳᠣᠲᠣᠭᠠᠳᠤ ᠬᠥᠳᠡᠯᠭᠡᠬᠦ ᠬᠦᠴᠦᠨ ᠢ | ᠪᠣᠶ ᠪᠣᠯᠭᠠᠨ᠎ᠠ | ᠰᠠᠶᠢᠬᠤᠰᠤ ᠪᠠᠯᠭᠠᠰᠤ ︽ᠰᠦᠯᠵᠢᠶᠡᠨ ᠠᠴᠠ ᠭᠠᠳᠠᠨ᠎ᠠ + ᠰᠦᠯᠵᠢᠶᠡᠨ ᠠᠴᠠ ᠭᠠᠳᠠᠨᠠᠬᠢ︾ ᠶᠢᠨ ᠵᠠᠭᠪᠤᠷ ᠢ | ᠬᠡᠷᠡᠭᠯᠡᠵᠦ᠂ ᠵᠢᠷᠬᠢᠶ᠎ᠡ ᠶᠢᠨ ᠪᠦᠯᠦᠭᠯᠡᠯ᠂ ᠪᠦᠷᠢᠶ᠎ᠡ ᠵᠡᠷᠭᠡ ᠤᠯᠠᠨ ᠵᠦᠢᠯ ᠤᠨ ᠬᠡᠯᠪᠡᠷᠢ ᠪᠠᠷ ᠤᠯᠠᠨ ᠲᠦᠮᠡᠨ ᠳᠤ | ᠲᠠᠷᠢᠶᠠᠯᠠᠩ ᠤᠨ ᠲᠠᠷᠢᠮᠠᠯ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠬᠠᠮᠤᠭ ᠤᠨ ᠰᠢᠨ᠎ᠡ ᠴᠠᠭ | ᠠᠭᠤᠷ ᠤᠨ ᠪᠠᠶᠢᠳᠠᠯ ᠢ ᠴᠠᠭ ᠲᠤᠬᠠᠢ ᠳᠤᠨᠢ ᠬᠦᠷᠭᠡᠵᠦ᠂ ᠲᠠᠷᠢᠶᠠᠴᠢᠨ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ | ᠡᠷᠲᠡᠬᠡᠨ ᠪᠡᠯᠡᠳᠬᠡᠯ ᠬᠢᠯᠭᠡᠵᠦ᠂ ᠬᠠᠪᠤᠷ ᠤᠨ ᠲᠠᠷᠢᠶᠠᠯᠠᠭ᠎ᠠ ᠬᠠᠪᠤᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ ᠠᠵᠢᠯ ᠢ ᠴᠠᠭ | ᠲᠤᠬᠠᠢ ᠳᠤᠨᠢ ᠲᠤᠬᠢᠷᠠᠭᠤᠯᠤᠨ ᠨᠠᠶᠢᠳᠠᠪᠤᠷᠢᠵᠢᠭᠤᠯᠵᠠᠢ᠃ | ᠳᠠᠷᠠᠭᠠᠴᠢ ᠶᠢᠨ ᠠᠯᠬᠤᠮ ᠳᠤ᠂ ᠰᠠᠶᠢᠬᠤᠰᠤ ᠪᠠᠯᠭᠠᠰᠤ ᠶᠢᠨ ᠬᠢᠨ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠠᠩᠬᠠᠷᠴᠤ᠂ ᠲᠥᠯᠥᠭᠡᠯᠡᠭᠴᠢ ᠭᠡᠰᠢᠭᠦᠳ ᠤᠨ ᠤᠯᠠᠨ ᠲᠦᠮᠡᠨ ᠲᠠᠢ ᠨᠢᠭᠲᠠ | ᠬᠠᠷᠢᠯᠴᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠳᠤ | ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠨ᠎ᠡ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |