4 ᠰᠠᠷ᠎ᠠ ᠶᠢᠨ 29 ᠤ ᠡᠳᠦᠷ᠂ ᠮᠠᠨ ᠤ ᠰᠢᠶᠠᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠠᠬᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠨᠠᠮ ᠤᠨ | ᠰᠤᠷᠭᠠᠭᠤᠯᠢ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠵᠡᠷᠭᠡ ᠰᠠᠯᠠᠭ᠎ᠠ ᠮᠥᠴᠢᠷ | ᠨᠢᠭᠡᠴᠡ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ | ᠲᠤᠬᠠᠶ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠨ ᠡᠯ᠎ᠡ ᠨᠢᠭᠡᠴᠡ ︽ᠤᠮᠠᠷᠠᠲᠤ ᠬᠢᠯᠢ ᠶᠢᠨ ᠰᠣᠶᠣᠯ︾ ᠤᠨ | ᠠᠭᠤᠯᠤᠭᠳᠠᠬᠤᠨ ᠢ ᠪᠥᠬᠦ ᠲᠠᠯ᠎ᠠ ᠪᠠᠷ ᠰᠢᠰᠲ᠋ᠧᠮ ᠲᠠᠢ ᠡᠵᠡᠮᠳᠡᠬᠦ᠂ ᠬᠥᠭᠵᠢᠯ ᠪᠠᠳᠠᠷᠠᠯ ᠤᠨ ᠡᠬᠡ ᠭᠠᠵᠠᠷ ᠲᠤ | ᠦᠨᠳᠦᠰᠦᠯᠡᠭᠰᠡᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠨ ᠬᠥᠭᠵᠢᠭᠦᠯᠬᠦ᠂ | ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠲᠠᠯ᠎ᠠ ᠪᠠᠷ ᠭᠦᠨᠵᠡᠭᠡᠶ ᠶᠠᠷᠢᠯᠴᠠᠨ | ᠰᠣᠯᠢᠯᠴᠠᠭᠰᠠᠨ ᠪᠥᠭᠡᠳ ᠮᠠᠨ ᠤ ᠰᠢᠶᠠᠨ ᠤ ᠤᠮᠠᠷᠠᠲᠤ ᠬᠢᠯᠢ ᠶᠢᠨ ᠰᠣᠶᠣᠯ ᠢ ᠬᠡᠷᠬᠢᠨ ᠰᠤᠳᠤᠯᠬᠤ᠂ ᠲᠣᠳᠣᠷᠬᠠᠶᠢᠯᠠᠨ | ᠲᠠᠶᠢᠯᠪᠤᠷᠢᠯᠠᠬᠤ᠂ ᠤᠬᠠᠭᠤᠯᠤᠨ ᠳᠡᠯᠭᠡᠷᠡᠭᠦᠯᠬᠦ ᠵᠡᠷᠭᠡ ᠠᠵᠢᠯ ᠤᠨ ᠲᠤᠬᠠᠶ ᠨᠠᠷᠢᠨ ᠪᠠᠶᠢᠷᠢᠯᠠᠭᠤᠯᠤᠯᠲᠠ ᠬᠢᠵᠡᠶ᠃ | ᠬᠤᠷᠠᠯ ᠠᠴᠠ ᠵᠢᠭᠠᠵᠤ ᠭᠠᠷᠭᠠᠭᠰᠠᠨ ᠨᠢ ᠂ ︽ᠤᠮᠠᠷᠠᠲᠤ ᠬᠢᠯᠢ ᠶᠢᠨ ᠰᠣᠶᠣᠯ︾ ᠪᠣᠯ ᠳᠤᠮᠳᠠᠳᠤ ᠶᠢᠨ | ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠢᠯᠡ ᠲᠣᠳᠣ ᠭᠠᠵᠠᠷ ᠣᠷᠣᠨ ᠤ ᠰᠣᠶᠣᠯ ᠤᠨ ᠣᠨᠴᠠᠯᠢᠭ ᠪᠠ | ᠪᠠᠶᠠᠯᠢᠭ ᠰᠠᠶᠢᠬᠠᠨ ᠠᠭᠤᠯᠤᠭᠳᠠᠬᠤᠨ ᠲᠠᠢ ᠶᠤᠮ᠃ ᠮᠠᠨ ᠤ ᠰᠢᠶᠠᠨ ᠤ ᠰᠣᠶᠣᠯ ᠢᠷᠭᠡᠨᠰᠢᠯ ᠤᠨ ᠰᠠᠭᠤᠷᠢ ᠭᠦᠨ | ᠵᠤᠵᠠᠭᠠᠨ᠂ ᠲᠡᠦᠬᠡ ᠰᠣᠶᠣᠯ ᠤᠨ ᠡᠬᠢ ᠪᠠᠶᠠᠯᠢᠭ ᠡᠯᠪᠡᠭ ᠳᠡᠯᠪᠡᠭ᠂ ᠡᠯ᠎ᠡ ᠬᠠᠷᠢᠭᠤᠴᠠᠯᠭᠠᠲᠤ ᠰᠠᠯᠠᠭ᠎ᠠ | ᠮᠥᠴᠢᠷ ᠤᠨ ᠬᠢᠨ ᠮᠠᠨ ᠤ ᠰᠢᠶᠠᠨ ᠤ ᠭᠦᠨ ᠵᠤᠵᠠᠭᠠᠨ ᠲᠡᠦᠬᠡ ᠰᠣᠶᠣᠯ ᠢᠷᠭᠡᠨᠰᠢᠯ ᠤᠨ ᠬᠤᠷᠠᠮᠳᠤᠯ ᠳᠤ | ᠰᠠᠭᠤᠷᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠵᠦ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ | ᠶᠢ ᠲᠠᠰᠤᠷᠠᠯᠲᠠ ᠦᠭᠡᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠦᠨᠳᠦᠰᠦᠨ ᠠᠭᠤᠯᠭ᠎ᠠ ᠪᠣᠯᠭᠠᠭᠰᠠᠨ ᠤᠮᠠᠷᠠᠲᠤ ᠬᠢᠯᠢ ᠶᠢᠨ ᠰᠣᠶᠣᠯ ᠢ ᠳᠠᠪᠲᠠᠨ | ᠪᠣᠯᠪᠠᠰᠤᠷᠠᠭᠤᠯᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ︽ᠤᠮᠠᠷᠠᠲᠤ | ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠶᠢ | ᠢᠮᠠᠭᠲᠠ ᠠᠩᠬᠠᠷᠴᠤ᠂ ᠭᠠᠵᠠᠷ ᠣᠷᠣᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠭᠦᠨᠵᠡᠭᠡᠢ ᠠᠭᠤᠳᠠᠯᠵᠤ᠂ ᠰᠣᠶᠣᠯ ᠤᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ | ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |