ᠮᠠᠨ ᠤ ᠰᠢᠶᠠᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/30
     4 ᠰᠠᠷ᠎ᠠ ᠶᠢᠨ 29 ᠤ ᠡᠳᠦᠷ᠂ ᠮᠠᠨ ᠤ ᠰᠢᠶᠠᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠨᠠᠮ ᠤᠨ ᠰᠤᠷᠭᠠᠭᠤᠯᠢ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠵᠡᠷᠭᠡ ᠰᠠᠯᠠᠭ᠎ᠠ ᠮᠥᠴᠢᠷ ᠨᠢᠭᠡᠴᠡ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠨ ᠡᠯ᠎ᠡ ᠨᠢᠭᠡᠴᠡ ︽ᠤᠮᠠᠷᠠᠲᠤ ᠬᠢᠯᠢ ᠶᠢᠨ ᠰᠣᠶᠣᠯ︾ ᠤᠨ ᠠᠭᠤᠯᠤᠭᠳᠠᠬᠤᠨ ᠢ ᠪᠥᠬᠦ ᠲᠠᠯ᠎ᠠ ᠪᠠᠷ ᠰᠢᠰᠲ᠋ᠧᠮ ᠲᠠᠢ ᠡᠵᠡᠮᠳᠡᠬᠦ᠂ ᠬᠥᠭᠵᠢᠯ ᠪᠠᠳᠠᠷᠠᠯ ᠤᠨ ᠡᠬᠡ ᠭᠠᠵᠠᠷ ᠲᠤ ᠦᠨᠳᠦᠰᠦᠯᠡᠭᠰᠡᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠨ ᠬᠥᠭᠵᠢᠭᠦᠯᠬᠦ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠲᠠᠯ᠎ᠠ ᠪᠠᠷ ᠭᠦᠨᠵᠡᠭᠡᠶ ᠶᠠᠷᠢᠯᠴᠠᠨ ᠰᠣᠯᠢᠯᠴᠠᠭᠰᠠᠨ ᠪᠥᠭᠡᠳ ᠮᠠᠨ ᠤ ᠰᠢᠶᠠᠨ ᠤ ᠤᠮᠠᠷᠠᠲᠤ ᠬᠢᠯᠢ ᠶᠢᠨ ᠰᠣᠶᠣᠯ ᠢ ᠬᠡᠷᠬᠢᠨ ᠰᠤᠳᠤᠯᠬᠤ᠂ ᠲᠣᠳᠣᠷᠬᠠᠶᠢᠯᠠᠨ ᠲᠠᠶᠢᠯᠪᠤᠷᠢᠯᠠᠬᠤ᠂ ᠤᠬᠠᠭᠤᠯᠤᠨ ᠳᠡᠯᠭᠡᠷᠡᠭᠦᠯᠬᠦ ᠵᠡᠷᠭᠡ ᠠᠵᠢᠯ ᠤᠨ ᠲᠤᠬᠠᠶ ᠨᠠᠷᠢᠨ ᠪᠠᠶᠢᠷᠢᠯᠠᠭᠤᠯᠤᠯᠲᠠ ᠬᠢᠵᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ  ᠂ ︽ᠤᠮᠠᠷᠠᠲᠤ ᠬᠢᠯᠢ ᠶᠢᠨ ᠰᠣᠶᠣᠯ︾ ᠪᠣᠯ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠢᠯᠡ ᠲᠣᠳᠣ ᠭᠠᠵᠠᠷ ᠣᠷᠣᠨ ᠤ ᠰᠣᠶᠣᠯ ᠤᠨ ᠣᠨᠴᠠᠯᠢᠭ ᠪᠠ ᠪᠠᠶᠠᠯᠢᠭ ᠰᠠᠶᠢᠬᠠᠨ ᠠᠭᠤᠯᠤᠭᠳᠠᠬᠤᠨ ᠲᠠᠢ ᠶᠤᠮ᠃ ᠮᠠᠨ ᠤ ᠰᠢᠶᠠᠨ ᠤ ᠰᠣᠶᠣᠯ ᠢᠷᠭᠡᠨᠰᠢᠯ ᠤᠨ ᠰᠠᠭᠤᠷᠢ ᠭᠦᠨ ᠵᠤᠵᠠᠭᠠᠨ᠂ ᠲᠡᠦᠬᠡ ᠰᠣᠶᠣᠯ ᠤᠨ ᠡᠬᠢ ᠪᠠᠶᠠᠯᠢᠭ ᠡᠯᠪᠡᠭ ᠳᠡᠯᠪᠡᠭ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠮᠠᠨ ᠤ ᠰᠢᠶᠠᠨ ᠤ ᠭᠦᠨ ᠵᠤᠵᠠᠭᠠᠨ ᠲᠡᠦᠬᠡ ᠰᠣᠶᠣᠯ ᠢᠷᠭᠡᠨᠰᠢᠯ ᠤᠨ ᠬᠤᠷᠠᠮᠳᠤᠯ ᠳᠤ ᠰᠠᠭᠤᠷᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠲᠠᠰᠤᠷᠠᠯᠲᠠ ᠦᠭᠡᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠦᠨᠳᠦᠰᠦᠨ ᠠᠭᠤᠯᠭ᠎ᠠ ᠪᠣᠯᠭᠠᠭᠰᠠᠨ ᠤᠮᠠᠷᠠᠲᠤ ᠬᠢᠯᠢ ᠶᠢᠨ ᠰᠣᠶᠣᠯ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ  ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠶᠢ ᠢᠮᠠᠭᠲᠠ ᠠᠩᠬᠠᠷᠴᠤ᠂ ᠭᠠᠵᠠᠷ ᠣᠷᠣᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠭᠦᠨᠵᠡᠭᠡᠢ ᠠᠭᠤᠳᠠᠯᠵᠤ᠂ ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3