ᠪᠦᠲᠦᠴᠡ ᠶᠢᠨ ᠴᠢᠨᠠᠷᠲᠠᠶ ᠪᠠᠷ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠬᠢᠨ ᠰᠠᠶᠢᠲᠤᠷ ᠨᠠᠶᠢᠳᠠᠪᠤᠷᠢᠵᠢᠭᠤᠯᠬᠤ ᠪᠣᠶ ︵ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ · 2024 ᠣᠨ ᠳᠤ ᠳᠤᠮᠳᠠᠳᠤ ᠤᠯᠤᠰ ᠤᠨ ᠠᠵᠤ ᠠᠬᠤᠶ ᠢᠩᠭᠢᠵᠦ ᠠᠵᠢᠯᠯᠠᠨ᠎ᠠ︶
ᠨᠡᠶᠢᠲᠡᠯᠡᠭᠰᠡᠨ ᠴᠠᠭ᠄
2024/4/6
     ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠠᠴᠠ ︽ᠪᠦᠲᠦᠴᠡ ᠶᠢᠨ ᠴᠢᠨᠠᠷᠲᠠᠶ ᠪᠠᠷ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠬᠦ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠨ᠎ᠡ︾ ᠭᠡᠵᠦ ᠳᠤᠷᠠᠳᠤᠨ ᠭᠠᠷᠭᠠᠪᠠ᠃      ᠤᠢᠢᠷ᠎ᠠ ᠶᠢᠨ ᠵᠢᠯ ᠠᠴᠠ᠂ ᠮᠠᠨ ᠤ ᠤᠯᠤᠰ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠭᠠᠶᠢᠯᠢ ᠰᠦᠢᠳᠬᠡᠯ ᠤᠨ ᠳᠠᠷᠤᠭᠠᠰᠤ ᠶᠢ ᠬᠥᠩᠭᠡᠯᠡᠪᠡ᠃ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 2023 ᠣᠨ ᠳᠤ᠂ ᠪᠦᠬᠦ ᠤᠯᠤᠰ ᠤᠨ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠭᠠᠶᠢᠯᠢ ᠶᠢ ᠪᠤᠴᠠᠭᠠᠬᠤ ᠰᠦᠢᠳᠬᠡᠯ ᠢ ᠤᠳᠠᠭᠠᠰᠢᠷᠠᠭᠤᠯᠤᠭᠰᠠᠨ ᠨᠢ 2.2 ᠲᠦᠮᠡᠨ ᠳ᠋ᠦᠩᠰᠢᠭᠤᠷ ᠲᠥᠭᠦᠷᠢᠭ ᠢ ᠳᠠᠪᠠᠵᠠᠢ᠃      ︽ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠦᠵᠡᠭᠦᠯᠬᠦ ᠵᠢᠩᠬᠢᠨᠢ ᠠᠯᠲᠠ ᠮᠥᠩᠭᠦᠨ ᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠴᠡᠪᠡᠷ ᠠᠰᠢᠭ ᠤᠨ ᠳᠡᠮᠵᠢᠯᠭᠡ ᠨᠢ ᠮᠠᠰᠢ ᠢᠯᠡᠷᠬᠡᠶ ᠪᠠᠶᠢᠨ᠎ᠠ︾᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠰᠢᠭ ᠣᠷᠣᠯᠭ᠎ᠠ ᠶᠢᠨ ᠭᠠᠶᠢᠯᠢ ᠶᠢᠨ ᠵᠤᠷᠭᠠᠨ ᠤ ᠳᠠᠷᠤᠭ᠎ᠠ ᠸᠠᠩ ᠱᠢ ᠢᠦᠶ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠳᠤᠯᠤᠨ ᠨᠡᠭᠡᠭᠡᠬᠦ ᠵᠠᠷᠤᠳᠠᠯ ᠤᠨ ᠭᠠᠶᠢᠯᠢ ᠲᠤᠰᠢᠶᠠᠬᠤ ᠠᠴᠠ ᠡᠮᠦᠨ᠎ᠡ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ 100% ᠪᠣᠯᠲᠠᠯ᠎ᠠ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠲᠦᠷᠢᠮ ᠤᠨ ᠴᠢᠨᠠᠷᠲᠠᠶ ᠲᠣᠬᠢᠷᠠᠭᠤᠯᠤᠯᠲᠠ ᠪᠣᠯᠭᠠᠨ ᠣᠷᠳᠣ ᠬᠤᠭᠤᠴᠠᠭ᠎ᠠ ᠪᠠᠷ ᠬᠡᠷᠡᠭᠵᠢᠭᠦᠯᠬᠦ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠣᠭᠲᠠᠭᠠᠯᠲᠤ ᠴᠢᠨᠠᠷ ᠢ ᠴᠢᠩᠭᠠᠷᠠᠭᠤᠯᠤᠨ᠎ᠠ ᠭᠡᠵᠡᠶ᠃      ᠡᠭᠦᠨ ᠤ ᠬᠠᠮᠲᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠦᠷᠭᠦᠯᠵᠢᠯᠡᠨ ᠬᠥᠭᠵᠢᠭᠡᠵᠦ᠂ ᠭᠠᠶᠢᠯᠢ  ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠶᠢ ᠬᠥᠲᠥᠯᠦᠨ ᠵᠢᠯᠣᠭᠤᠳᠴᠤ᠂ ᠠᠵᠤ ᠠᠬᠤᠶᠢᠯᠠᠯ ᠤᠨ ᠦᠰᠦᠨ ᠪᠤᠶᠢᠵᠢᠬᠤ ᠪᠠ ᠰᠢᠨ᠎ᠡ ᠶᠢ ᠡᠭᠦᠳᠬᠦ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠭᠠᠶᠢᠯᠢ ᠰᠦᠢᠳᠭᠡᠯ ᠤᠨ ᠲᠥᠷᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠤᠨ ᠠᠰᠢᠭ ᠣᠯᠵᠠᠪᠤᠷᠢ ᠳᠤ ᠬᠠᠨᠳᠤᠭᠤᠯᠤᠭᠰᠠᠨ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠪᠠᠶᠠᠯᠢᠭᠵᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨ ᠠᠭᠤᠰᠤᠯᠴᠠᠭᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃      ᠦᠢᠯᠡᠳᠬᠦ ᠦᠢᠯᠡᠰ ᠪᠣᠯ ᠣᠶᠢᠷ᠎ᠠ ᠶᠢᠨ ᠵᠢᠯ ᠠᠴᠠ ᠨᠠᠰᠢᠬᠢ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠭᠤᠤᠯᠳᠠᠯᠭ᠎ᠠ ᠪᠣᠯᠤᠨ᠎ᠠ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠡᠳ᠋ ᠪᠠᠷᠠᠭ᠎ᠠ ᠪᠠ ᠬᠥᠳᠡᠯᠮᠦᠷᠢ ᠦᠢᠯᠡᠴᠢᠯᠡᠭᠡ ᠶᠢᠨ ᠭᠠᠶᠢᠯᠢ ᠶᠢᠨ ᠵᠤᠷᠭᠠᠨ ᠤ ᠳᠠᠷᠤᠭ᠎ᠠ ᠰᠢᠶᠤ ᠸᠧᠨ ᠢᠯᠡᠷᠬᠡᠶᠢᠯᠡᠬᠦ ᠳᠡᠭᠡᠨ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠰᠦᠪᠡᠭᠴᠢᠯᠡᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠬᠦᠴᠢᠷᠳᠡᠯ ᠢ ᠦᠷᠭᠦᠯᠵᠢᠯᠡᠨ  ᠰᠢᠢᠳᠪᠦᠷᠢᠡᠯᠵᠦ᠂ ᠢᠲᠡᠭᠡᠯ ᠵᠣᠷᠢᠭ ᠢ ᠨᠢ ᠨᠡᠮᠡᠭᠳᠡᠭᠦᠯᠦᠨ᠂ ᠪᠣᠳᠠᠲᠤ ᠴᠣᠭᠴᠠ ᠶᠢᠨ ᠠᠵᠤ ᠠᠬᠤᠶ ᠶᠢᠨ ᠲᠣᠭᠲᠠᠭᠤᠨ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ᠃ ᠨᠢᠭᠡ ᠲᠠᠯ᠎ᠠ ᠪᠠᠷ ︽ᠲᠥᠷᠥ ᠶᠢᠨ ᠪᠣᠳᠣᠯᠭ᠎ᠠ ᠪᠠᠷ ᠬᠥᠮᠦᠨ ᠡᠷᠢᠬᠦ︾ ᠠᠵᠢᠯ ᠤᠨ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠤᠬᠠᠭᠤᠯᠵᠤ ᠬᠠᠪᠰᠤᠷᠤᠨ ᠵᠢᠯᠣᠭᠤᠳᠬᠤ ᠪᠠᠨ ᠴᠢᠩᠭᠠᠳᠬᠠᠵᠤ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠢᠳᠡᠪᠬᠢᠲᠡᠶ ᠪᠠᠷ ᠬᠠᠪᠰᠤᠷᠤᠨ᠎ᠠ︔ ᠨᠥᠭᠦᠭᠡ ᠲᠠᠯ᠎ᠠ ᠪᠠᠷ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠲᠤᠯᠤᠭᠠᠨ ᠰᠠᠯᠠᠭ᠎ᠠ ᠮᠥᠴᠢᠷ ᠤᠨ ᠬᠤᠳᠠᠯ ᠢᠶᠠᠷ ᠪᠢᠴᠢᠵᠦ ᠭᠠᠶᠢᠯᠢ ᠮᠡᠬᠡᠯᠡᠨ ᠠᠪᠬᠤ ᠳᠤ ᠪᠠᠶᠢᠩᠭᠤ ᠴᠣᠬᠢᠯᠲᠠ ᠥᠭᠬᠦ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠢᠯᠡᠳᠬᠦ ᠦᠢᠯᠡᠰ ᠤᠨ ᠠᠵᠤ ᠠᠬᠤᠶᠢᠯᠠᠯ ᠳᠤ ᠬᠠᠨᠳᠤᠭᠤᠯᠤᠭᠰᠠᠨ ᠲᠥᠷᠥ ᠶᠢᠨ ᠪᠣᠳᠣᠯᠭ᠎ᠠ ᠶᠢᠨ ᠠᠰᠢᠭ ᠢ ᠨᠠᠷᠢᠯᠢᠭ ᠣᠨᠣᠴᠠᠲᠠᠶ ᠪᠠᠷ ᠰᠢᠭᠤᠳ ᠬᠦᠷᠭᠡᠵᠦ ᠲᠦᠷᠭᠡᠨ ᠡᠳ᠋ᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃      ︽ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠨᠢ ᠭᠠᠶᠢᠯᠢ ᠲᠤᠰᠢᠶᠠᠭᠴᠢ ᠶᠢᠨ  ᠰᠦᠢᠳᠭᠡᠯ ᠲᠤᠰᠢᠶᠠᠭᠴᠢ ᠶᠢᠨ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠥᠷᠭᠡᠨ ᠣᠯᠠᠨ ᠡᠵᠡᠩᠨᠡᠯᠲᠡ ᠶᠢᠨ ᠪᠡᠶᠡᠴᠢ ᠴᠣᠭᠴᠠ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ  ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠶᠢᠯᠢ ᠲᠠᠲᠠᠪᠤᠷᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠰᠠᠶᠢᠨ  ᠦᠢᠯᠡᠴᠢᠯᠡᠬᠦ ᠶᠢ ᠬᠦᠰᠡᠵᠦ ᠪᠠᠶᠢᠨ᠎ᠠ︾ ᠭᠡᠵᠡᠶ᠃ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠬᠡᠯᠲᠡᠰ ᠤᠨ ᠭᠡᠰᠢᠭᠦᠨ ᠭᠤᠤ ᠫᠸᠢ ᠶᠦᠩ ᠬᠡᠯᠡᠬᠦ ᠳᠡᠭᠡᠨ᠂ ᠣᠳᠣᠬᠠᠨ ᠳᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ︽ᠲᠥᠷᠥ ᠶᠢᠨ ᠪᠣᠳᠣᠯᠭ᠎ᠠ ᠪᠠᠷ ᠬᠥᠮᠦᠨ ᠡᠷᠢᠬᠦ︾ ᠠᠵᠢᠯ ᠤᠨ ᠨᠠᠷᠢᠯᠢᠭ ᠬᠡᠮᠵᠢᠶ᠎ᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠠᠶᠢᠯᠢ  ᠰᠦᠢᠳᠭᠡᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠰᠠᠶᠢᠲᠤᠷ ᠠᠳᠬᠤᠭᠠᠳ ᠮᠠᠰᠢ ᠶᠡᠭᠡ ᠦᠷ᠎ᠡ ᠪᠦᠲᠦᠮᠵᠢ ᠣᠯᠤᠭᠰᠠᠨ ᠪᠠᠶᠢᠨ᠎ᠠ ᠭᠡᠵᠡᠶ᠃ ᠳᠠᠷᠠᠭᠠᠴᠢ ᠶᠢᠨ ᠠᠯᠬᠤᠮ ᠳᠤ᠂ ᠤᠯᠠᠨ ᠰᠠᠯᠠᠭ᠎ᠠ ᠮᠥᠴᠢᠷ ᠬᠠᠮᠵᠢᠯᠴᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠬᠠᠮᠲᠤᠪᠠᠷ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠳᠠᠷᠤᠭᠠᠰᠤ ᠶᠢ ᠬᠥᠩᠭᠡᠷᠡᠭᠦᠯᠬᠦ ᠨᠡᠩ ᠤᠯᠠᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠢᠵᠢᠭ ᠪᠢᠴᠢᠯ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠦᠰᠦᠨ ᠪᠤᠵᠠᠭᠠᠶᠢᠷᠠᠬᠤ ᠳᠤ ᠬᠦᠴᠦ ᠨᠡᠮᠡᠷᠢᠯᠡᠨ᠎ᠡ᠃                                                                                                     ᠮᠡᠳᠡᠭᠡ ᠵᠠᠩᠭᠢ ᠶᠢᠨ ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ  ᠤ ᠰᠦᠯᠵᠢᠶ᠎ᠡ                                ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                                ᠤᠷᠴᠢᠭᠤᠯᠤᠭᠴᠢ᠄ ᠮᠥᠩᠭᠦᠨᠰᠤᠶᠢᠬᠡ                                ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3