ᠮᠠᠨ ᠤ ᠰᠢᠶᠠᠨ ᠬᠠᠩᠰᠢ ᠶᠢᠨ ︽ᠰᠡᠷᠭᠡᠶᠢᠯᠡᠯᠲᠡ ᠶᠢᠨ ᠬᠡᠷᠡᠮ︾᠎ ᠢ ᠪᠠᠲᠤ ᠪᠠᠶᠢᠭᠤᠯᠵᠤ ᠬᠢᠨᠠᠨ ᠵᠢᠯᠣᠭᠤᠳᠴᠤ ᠪᠠᠶᠢᠴᠠᠭᠠᠬᠤ ᠳᠠᠭᠠᠨ ᠰᠠᠬᠢᠯᠭ᠎ᠠ ᠪᠠᠲᠤ ᠶᠢ ᠴᠢᠩᠳᠠᠯᠠᠨ᠎ᠠ
ᠨᠡᠶᠢᠲᠡᠯᠡᠭᠰᠡᠨ ᠴᠠᠭ᠄
2024/4/7
      ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠰᠢᠶᠠᠨ ᠤ ᠨᠡᠶᠢᠭᠡᠮ ᠤᠨ ᠠᠮᠤᠷ ᠲᠦᠪᠰᠢᠨ ᠤ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠮᠤᠷ ᠢ ᠬᠠᠮᠠᠭᠠᠯᠠᠬᠤ ᠠᠵᠢᠯ ᠢ ᠨᠠᠷᠢᠨ ᠨᠢᠮᠪᠠᠶ ᠨᠠᠶᠢᠳᠠᠪᠤᠷᠢᠵᠢᠭᠤᠯᠪᠠ᠃ ᠰᠠᠬᠢᠯᠭ᠎ᠠ ᠪᠠᠲᠤ ᠣᠪᠣᠷ ᠰᠤᠷᠲᠠᠯ ᠢ ᠴᠢᠩᠳᠠᠯᠠᠵᠤ᠂ 2024 ᠣᠨ ᠤ 4 ᠰᠠᠷ᠎ᠠ ᠶᠢᠨ 4᠎ ᠤ ᠡᠳᠦᠷ᠂ ᠰᠢᠩ ᠡᡁᠧ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠶᠢᠨ ᠨᠠᠮ ᠤᠨ ᠬᠤᠷᠢᠶ᠎ᠡ ᠶᠢᠨ ᠱᠦᠵᠢ᠂ ᠲᠤᠪᠴᠢᠶ᠎ᠡ ᠶᠢᠨ ᠳᠠᠷᠤᠭ᠎ᠠ ᠰᠦᠨ ᠬᠠᠢ ᠵᠢᠶᠦ᠋ᠨ ᠴᠠᠭᠳᠠᠭᠠᠨ ᠤ ᠶᠠᠪᠤᠳᠠᠯ ᠤᠨ ᠱᠠᠯᠠᠪᠳᠠᠭᠤᠯᠤᠨ ᠪᠠᠶᠢᠴᠠᠭᠠᠬᠤ ᠰᠠᠯᠠᠭ᠎ᠠ ᠮᠥᠴᠢᠷ ᠢ ᠳᠠᠭᠠᠭᠤᠯᠵᠤ ︽ᠲᠦᠷᠪᠡ ᠶᠢ ᠬᠡᠷᠡᠭᠵᠢᠭᠦᠯᠬᠦ ᠦᠭᠡᠢ ᠬᠤᠶᠠᠷ ᠰᠢᠯᠤᠭᠤᠨ ᠪᠠᠶᠢᠬᠤ︾ ᠠᠷᠭ᠎ᠠ ᠶᠢ ᠠᠪᠴᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠵᠢᠵᠢᠭᠦᠷᠯᠡᠵᠦ ᠵᠢᠵᠢᠭᠦᠷᠯᠡᠬᠦ᠂ ᠠᠷᠢᠬᠢ ᠴᠠᠭᠠᠵᠠᠯᠠᠬᠤ ᠵᠠᠷᠯᠢᠭ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠵᠠᠢ᠃      ᠪᠠᠶᠢᠴᠠᠭᠠᠬᠤ ᠶᠠᠪᠤᠴᠠ ᠳᠤ᠂ ᠰᠢᠪᠠᠳᠠᠨ ᠪᠠᠶᠢᠴᠠᠭᠠᠬᠤ ᠶᠡᠭᠡ ᠠᠩᠭᠢ ᠡᠯ᠎ᠡ ᠰᠠᠯᠠᠭ᠎ᠠ ᠮᠥᠴᠢᠷ ᠤᠨ ᠠᠵᠢᠯ ᠤᠨ ᠲᠣᠬᠢᠷᠠᠭᠤᠯᠤᠯᠲᠠ᠂ ᠴᠠᠭᠳᠠᠭᠠᠨ ᠤ ᠬᠦᠴᠦᠨ ᠤ ᠲᠣᠬᠢᠷᠠᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠬᠤ ᠵᠡᠷᠭᠡ ᠲᠠᠯ᠎ᠠ ᠶᠢᠨ ᠲᠣᠭᠤᠷᠢᠨ ᠳᠤ᠂ ᠵᠢᠵᠢᠭᠦᠷ ᠤᠨ ᠪᠡᠯᠡᠳᠬᠡᠯ ᠠᠵᠢᠯ᠂ ᠳᠣᠲᠣᠭᠠᠳᠤ ᠶᠠᠪᠤᠳᠠᠯ ᠤᠨ ᠡᠷᠡᠭᠦᠯ ᠬᠠᠮᠠᠭᠠᠯᠠᠯ᠂ ᠴᠠᠭᠳᠠᠭᠠᠨ ᠤ ᠳᠦᠷᠢ ᠲᠥᠷᠬᠦ ᠬᠡᠪ ᠰᠤᠷᠲᠠᠯ᠂ 24 ᠴᠠᠭ ᠤᠨ ᠵᠢᠵᠢᠭᠦᠷ ᠤᠨ ᠪᠠᠶᠢᠳᠠᠯ᠂ ᠠᠷᠢᠬᠢ ᠴᠠᠭᠠᠵᠠᠯᠠᠬᠤ ᠵᠠᠷᠯᠢᠭ ᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠪᠠᠶᠢᠴᠠᠭᠠᠭᠰᠠᠨ ᠪᠥᠭᠡᠳ ᠵᠢᠵᠢᠭᠦᠷ ᠤᠨ ᠵᠢᠵᠢᠭᠦᠷ ᠤᠨ ᠠᠷᠠᠳ ᠤᠨ ᠲᠤᠰᠠᠯᠠᠬᠤ ᠴᠠᠭᠳᠠᠭ᠎ᠠ ᠶᠢᠨ ᠲᠤᠬᠠᠶ ᠶᠢᠨ ᠲᠠᠯᠠᠪᠤᠷ ᠲᠤ ᠰᠫᠢᠷᠲ ᠤᠨ ᠪᠠᠶᠢᠴᠠᠭᠠᠯᠲᠠ ᠬᠢᠵᠦ᠂ ᠲᠤᠬᠠᠶ ᠶᠢᠨ ᠲᠠᠯᠠᠪᠤᠷ ᠲᠤ ︽ᠵᠢᠷᠭᠤᠭᠠᠨ ᠵᠦᠢᠯ ᠤᠨ ᠲᠣᠭᠲᠠᠭᠠᠯ︾ ᠵᠡᠷᠭᠡ ᠠᠭᠤᠯᠭ᠎ᠠ ᠶᠢ ᠠᠰᠠᠭᠤᠵᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃      ᠡᠭᠦᠨ ᠤ ᠬᠠᠮᠲᠤ ᠱᠠᠭᠠᠷᠳᠠᠯᠭ᠎ᠠ ᠳᠤᠷᠠᠳᠤᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠶᠠᠮᠤᠨ ᠴᠠᠭᠳᠠᠭ᠎ᠠ ᠶᠢ ᠵᠦᠶ ᠵᠣᠬᠢᠰᠲᠠᠶ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠰᠤᠯᠠᠷᠠᠭᠤᠯᠤᠯ ᠦᠭᠡᠶ ᠨᠠᠶᠢᠳᠠᠪᠤᠷᠢᠵᠢᠭᠤᠯᠵᠤ᠂ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠬᠤ ᠶᠢ ᠰᠠᠶᠢᠲᠤᠷ ᠬᠢᠬᠦ ᠶᠢᠨ ᠵᠡᠷᠭᠡ ᠳᠤ ᠪᠠᠰᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠠᠷᠢᠨ ᠨᠢᠭᠲᠠ ᠪᠡᠯᠡᠳᠬᠡᠯ ᠲᠥᠰᠦᠯ ᠢ ᠰᠠᠶᠢᠲᠤᠷ ᠲᠣᠭᠲᠠᠭᠠᠵᠤ᠂ ᠪᠠᠶᠢᠳᠠᠯ ᠭᠠᠷᠤᠮᠠᠭᠴᠠ ᠴᠠᠭᠳᠠᠭ᠎ᠠ ᠶᠢᠨ ᠠᠵᠢᠯ ᠢ ᠲᠦᠷᠭᠡᠨ ᠬᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠶ᠃ ᠬᠤᠶᠠᠷ ᠲᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠵᠦ ᠠᠵᠢᠯ ᠳᠤ ᠪᠡᠯᠡᠳᠬᠡᠬᠦ ᠲᠦᠷᠢᠮ ᠤᠨ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠬᠠᠭᠠᠰ ᠤᠨ ᠨᠢᠭᠡ ᠶᠢᠨ ᠴᠠᠭᠳᠠᠭᠠᠨ ᠤ ᠬᠦᠴᠦᠨ ᠤ ᠠᠵᠢᠯ ᠤᠨ ᠪᠠᠶᠢᠷᠢ ᠳᠠᠭᠠᠨ ᠪᠠᠶᠢᠬᠤ ᠶᠢ ᠪᠠᠲᠤᠯᠠᠵᠤ᠂ ᠪᠠᠴᠢᠮ ᠪᠠᠶᠢᠳᠠᠯ ᠤᠨ ᠳᠣᠤᠷ᠎ᠠ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠲᠠᠲᠠᠵᠤ ᠳᠡᠶᠢᠯᠬᠦ ᠂ ᠪᠠᠶᠢᠯᠳᠤᠵᠤ ᠳᠡᠶᠢᠯᠬᠦ ᠶᠢ ᠪᠠᠲᠤᠯᠠᠬᠤ ᠬᠡᠷᠡᠭᠲᠡᠶ᠃ ᠭᠤᠷᠪᠠ ᠳᠤ ᠤᠷᠢᠳᠴᠢᠯᠠᠨ ᠰᠡᠷᠭᠡᠶᠢᠯᠡᠵᠦ ᠵᠢᠭᠰᠠᠭᠠᠨ ᠪᠠᠶᠢᠴᠠᠭᠠᠬᠤ ᠶᠢ ᠳᠣᠪᠤᠶᠢᠯᠭᠠᠨ᠂ ᠠᠮᠠᠷᠠᠯᠲᠠ ᠶᠢᠨ ᠬᠤᠭᠤᠴᠠᠭᠠᠨ ᠳᠤ ᠬᠥᠮᠦᠨ᠂ ᠲᠡᠷᠭᠡᠨ ᠤ ᠲᠤᠭ᠎ᠠ ᠬᠡᠮᠵᠢᠶ᠎ᠡ ᠶᠡᠭᠡ ᠪᠠᠶᠢᠵᠤ᠂ ᠡᠯ᠎ᠡ ᠲᠣᠮᠢᠯᠠᠭᠰᠠᠨ ᠰᠠᠯᠪᠤᠷᠢ᠂ ᠵᠢᠵᠢᠭᠦᠷᠯᠡᠬᠦ ᠭᠠᠵᠠᠷ ᠤᠨ ᠬᠢᠨ ᠬᠠᠷᠢᠶ᠎ᠠ ᠣᠷᠣᠨ ᠤ ᠪᠠᠨ ᠨᠡᠶᠢᠭᠡᠮ ᠤᠨ ᠠᠮᠤᠷ ᠲᠦᠪᠰᠢᠨ ᠤ ᠲᠣᠭᠤᠷᠢᠨ ᠴᠠᠭᠳᠠᠵᠤ ᠪᠠᠶᠢᠴᠠᠭᠠᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠬᠤ ᠶᠢ ᠰᠠᠶᠢᠲᠤᠷ ᠬᠢᠵᠦ᠂ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3