ᠰᠢ ᠶᠢᠨ ᠫᠢᠩ ᠶᠡᠷᠦᠩᠬᠡᠶ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠤᠲᠠ | ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠡᠮᠡᠭᠲᠡᠶᠢᠴᠦᠳ ᠤᠨ ᠠᠵᠢᠯᠯᠠᠭ᠎ᠠ︾ ᠶᠢ ᠤᠯᠠᠮ ᠨᠢᠭᠡ ᠠᠯᠬᠤᠮ ᠠᠬᠢᠭᠤᠯᠵᠤ᠂ | ᠬᠥᠳᠡᠭᠡ ᠲᠣᠰᠬᠤᠨ ᠢ ᠨᠡᠩ ᠦᠵᠡᠰᠬᠦᠯᠡᠩᠲᠦ ᠰᠠᠶᠢᠬᠠᠨ᠂ ᠣᠷᠴᠢᠨ ᠲᠣᠭᠤᠷᠢᠨ ᠢ ᠨᠡᠩ ᠠᠮᠢ ᠠᠬᠤᠶ ᠶᠢᠨ᠂ | ᠬᠠᠮᠢᠶᠠᠷᠤᠯᠲᠠ ᠶᠢ ᠨᠡᠩ ᠪᠦᠲᠦᠮᠵᠢᠲᠡᠶ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠤᠶ | ᠪᠣᠯᠭᠠᠵᠤ᠂ ᠭᠡᠷ ᠪᠦᠯᠢ ᠶᠢᠨ ᠪᠦᠷᠢᠯᠳᠦᠬᠦᠨ ᠢᠶᠠᠨ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ᠂ | ᠪᠣᠬᠢᠷᠲᠤᠯ ᠦᠭᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠪᠤᠶ ᠪᠣᠯᠭᠠᠵᠤ᠂ ︽3.8︾ | ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠤᠨ ᠬᠤᠭᠤᠴᠠᠭᠠᠨ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ | ᠪᠥᠬᠦ ᠰᠢᠶᠠᠨ ᠤ 9 ᠰᠢᠶᠠᠩ ᠪᠠᠯᠭᠠᠰᠤᠨ ᠳᠤ ᠭᠦᠨᠵᠡᠭᠡᠶᠢᠷᠡᠨ 2023 ᠣᠨ ᠤ ︽ᠦᠵᠡᠰᠬᠦᠯᠡᠩᠲᠦ ᠰᠠᠶᠢᠬᠠᠨ | ᠬᠦᠷᠢᠶ᠎ᠡ ᠬᠠᠰᠢᠶ᠎ᠠ︾ ᠶᠢ ᠡᠭᠦᠳᠦᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠵᠦ᠂ ᠲᠣᠰ | ᠤᠳᠠᠭᠠᠨ ᠤ ᠠᠵᠢᠯᠯᠠᠭ᠎ᠠ ᠳᠤ ᠤᠬᠠᠭᠤᠯᠤᠨ ᠳᠠᠶᠢᠴᠢᠯᠠᠬᠤ᠂ ᠱᠠᠲᠤ ᠱᠠᠲᠤ ᠪᠠᠷ ᠲᠠᠨᠢᠯᠴᠠᠭᠤᠯᠬᠤ᠂ ᠴᠢᠩᠭ᠎ᠠ ᠬᠢᠨᠠᠨ | ᠬᠠᠷᠭᠤᠭᠤᠯᠬᠤ ᠪᠠᠷ ᠳᠡᠮᠵᠢᠨ᠂ 2023 ᠣᠨ ᠳᠤ ᠰᠢᠯᠭᠠᠷᠠᠭᠤᠯᠵᠤ ᠭᠠᠷᠭᠠᠭᠰᠠᠨ ᠯᠢᠦ ᠯᠠᠨ ᠳ᠋ᠢ᠂ ᠵᠣᠣ ᠨᠢᠤᠢ ᠸᠠ | ᠵᠡᠷᠭᠡ 200 ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠵᠢᠴᠢ 10 ︽ᠦᠵᠡᠰᠬᠦᠯᠡᠩᠲᠦ ᠰᠠᠶᠢᠬᠠᠨ | ᠬᠦᠷᠢᠶ᠎ᠡ ᠬᠠᠰᠢᠶ᠎ᠠ ᠶᠢᠨ ᠵᠢᠱᠢᠶ᠎ᠡ ᠦᠵᠡᠭᠦᠯᠬᠦ ᠡᠷᠦᠬᠡ︾ ᠶᠢ ᠬᠥᠬᠢᠭᠦᠯᠦᠨ ᠰᠠᠶᠢᠰᠢᠶᠠᠬᠤ ᠪᠠ ᠫᠠᠶᠢᠰᠠ ᠣᠯᠭᠤᠵᠤ᠂ | ᠰᠢᠶᠠᠨ ᠤ ᠡᠮᠡᠭᠲᠡᠶᠢᠴᠦᠳ ᠤᠨ ᠬᠤᠯᠪᠣᠭ᠎ᠠ᠂ ᠡᠯ᠎ᠡ ᠰᠢᠶᠠᠩ ᠪᠠᠯᠭᠠᠰᠤᠨ ᠤ ᠬᠠᠮᠢᠶ᠎ᠠ ᠪᠥᠬᠦᠶ ᠤᠳᠤᠷᠢᠳᠤᠯᠭ᠎ᠠ ᠨᠠᠷ | ᠬᠥᠬᠢᠭᠦᠯᠦᠨ ᠰᠠᠶᠢᠰᠢᠶᠠᠵᠤ ᠫᠠᠶᠢᠰᠠ ᠣᠯᠭᠤᠬᠤ ᠶᠣᠰᠣᠯᠠᠯ ᠳᠤ ᠣᠷᠣᠯᠴᠠᠵᠠᠶ᠃ | ᠲᠤᠰ ᠤᠳᠠᠭᠠᠨ ᠤ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠨᠢ ᠡᠯ᠎ᠡ ᠰᠢᠶᠠᠩ ᠪᠠᠯᠭᠠᠰᠤᠨ ᠤ ᠲᠣᠰᠬᠤᠨ ᠤ | ᠠᠷᠠᠳ ᠤᠨ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠᠬᠢ | ᠴᠢᠷᠮᠠᠶᠢᠯᠭ᠎ᠠ ᠪᠠ ᠴᠢᠷᠮᠠᠶᠢᠯᠭ᠎ᠠ ᠶᠢ ᠨᠤᠲᠠᠯᠠᠭᠰᠠᠨ ᠢᠶᠠᠷ ᠪᠠᠷᠠᠬᠤ ᠦᠭᠡᠶ᠂ ᠨᠡᠩ ᠴᠤ ᠥᠷᠭᠡᠨ ᠤᠯᠠᠨ | ᠡᠮᠡᠭᠲᠡᠶᠢᠴᠦᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠠᠯᠠᠭᠤᠨ ᠬᠠᠶᠢᠷ᠎ᠠ ᠪᠠ ᠬᠥᠭᠡᠭᠡᠴᠡᠯᠳᠦᠯ ᠢ | ᠤᠷᠮᠠᠰᠢᠭᠤᠯᠤᠨ ᠵᠣᠷᠢᠭᠵᠢᠭᠤᠯᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠭᠡᠷ ᠪᠦᠯᠢ ᠶᠢᠨ ᠬᠢᠨ ᠢᠷᠠᠭᠤ | ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠵᠣᠯ ᠵᠢᠷᠭᠠᠯᠲᠤ ᠭᠡᠷ ᠣᠷᠣᠨ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠬᠤ ᠪᠥᠭᠡᠳ ᠨᠡᠩ ᠤᠯᠠᠨ ᠭᠡᠷ ᠪᠦᠯᠢ ᠶᠢᠨ ᠬᠢᠨ ︽ᠦᠵᠡᠰᠬᠦᠯᠡᠩᠲᠦ ᠰᠠᠶᠢᠬᠠᠨ | ᠬᠦᠷᠢᠶ᠎ᠡ︾ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠠᠭ᠎ᠠ ᠭᠡᠷ ᠪᠦᠯᠢ ᠪᠠᠨ ᠨᠡᠩ | ᠬᠠᠯᠠᠭᠤᠨ ᠳᠣᠲᠣᠨᠣ᠂ ᠤᠯᠠᠨ ᠢᠶᠠᠷ ᠢᠶᠠᠨ ᠨᠡᠩ ᠡᠶ᠎ᠡ ᠵᠣᠬᠢᠴᠠᠩᠭᠤᠢ ᠪᠣᠯᠭᠠᠬᠤ ᠶᠢ ᠬᠦᠰᠡᠵᠦ ᠪᠠᠶᠢᠨ᠎ᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |