ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠰᠢᠶᠠᠨ ᠤ ᠨᠡᠶᠢᠭᠡᠮ ᠤᠨ ᠠᠮᠤᠷ ᠲᠦᠪᠰᠢᠨ ᠤ | ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠮᠤᠷ ᠢ ᠬᠠᠮᠠᠭᠠᠯᠠᠬᠤ | ᠠᠵᠢᠯ ᠢ ᠨᠠᠷᠢᠨ ᠨᠢᠮᠪᠠᠶ ᠨᠠᠶᠢᠳᠠᠪᠤᠷᠢᠵᠢᠭᠤᠯᠪᠠ᠃ ᠰᠠᠬᠢᠯᠭ᠎ᠠ ᠪᠠᠲᠤ ᠣᠪᠣᠷ ᠰᠤᠷᠲᠠᠯ ᠢ ᠴᠢᠩᠳᠠᠯᠠᠵᠤ᠂ 2024 | ᠣᠨ ᠤ 4 ᠰᠠᠷ᠎ᠠ ᠶᠢᠨ 4 ᠤ ᠡᠳᠦᠷ᠂ ᠰᠢᠩ ᠡᡁᠧ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ | ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠶᠢᠨ ᠨᠠᠮ ᠤᠨ ᠬᠤᠷᠢᠶ᠎ᠡ ᠶᠢᠨ ᠱᠦᠵᠢ᠂ ᠲᠤᠪᠴᠢᠶ᠎ᠡ ᠶᠢᠨ ᠳᠠᠷᠤᠭ᠎ᠠ ᠰᠦᠨ | ᠬᠠᠢ ᠵᠢᠶᠦ᠋ᠨ ᠴᠠᠭᠳᠠᠭᠠᠨ ᠤ ᠶᠠᠪᠤᠳᠠᠯ ᠤᠨ ᠱᠠᠯᠠᠪᠳᠠᠭᠤᠯᠤᠨ ᠪᠠᠶᠢᠴᠠᠭᠠᠬᠤ ᠰᠠᠯᠠᠭ᠎ᠠ ᠮᠥᠴᠢᠷ ᠢ ᠳᠠᠭᠠᠭᠤᠯᠵᠤ ︽ | ᠲᠦᠷᠪᠡ ᠶᠢ ᠬᠡᠷᠡᠭᠵᠢᠭᠦᠯᠬᠦ ᠦᠭᠡᠢ ᠬᠤᠶᠠᠷ ᠰᠢᠯᠤᠭᠤᠨ ᠪᠠᠶᠢᠬᠤ︾ ᠠᠷᠭ᠎ᠠ ᠶᠢ ᠠᠪᠴᠤ᠂ ᠨᠢᠭᠡᠳᠦᠭᠡᠷ ᠹᠷᠣᠨᠲ ᠲᠤ | ᠭᠦᠨᠵᠡᠭᠡᠶᠢᠷᠡᠨ ᠵᠢᠵᠢᠭᠦᠷᠯᠡᠵᠦ ᠵᠢᠵᠢᠭᠦᠷᠯᠡᠬᠦ᠂ ᠠᠷᠢᠬᠢ ᠴᠠᠭᠠᠵᠠᠯᠠᠬᠤ ᠵᠠᠷᠯᠢᠭ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ | ᠱᠠᠯᠠᠪᠳᠠᠭᠤᠯᠤᠨ ᠵᠢᠯᠣᠭᠤᠳᠴᠤ ᠪᠠᠶᠢᠴᠠᠭᠠᠵᠠᠢ᠃ | ᠪᠠᠶᠢᠴᠠᠭᠠᠬᠤ ᠶᠠᠪᠤᠴᠠ ᠳᠤ᠂ ᠰᠢᠪᠠᠳᠠᠨ ᠪᠠᠶᠢᠴᠠᠭᠠᠬᠤ ᠶᠡᠭᠡ ᠠᠩᠭᠢ ᠡᠯ᠎ᠡ ᠰᠠᠯᠠᠭ᠎ᠠ ᠮᠥᠴᠢᠷ ᠤᠨ ᠠᠵᠢᠯ ᠤᠨ | ᠲᠣᠬᠢᠷᠠᠭᠤᠯᠤᠯᠲᠠ᠂ ᠴᠠᠭᠳᠠᠭᠠᠨ ᠤ ᠬᠦᠴᠦᠨ ᠤ ᠲᠣᠬᠢᠷᠠᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ | ᠲᠣᠭᠲᠠᠭᠠᠬᠤ ᠵᠡᠷᠭᠡ ᠲᠠᠯ᠎ᠠ ᠶᠢᠨ ᠲᠣᠭᠤᠷᠢᠨ ᠳᠤ᠂ ᠵᠢᠵᠢᠭᠦᠷ ᠤᠨ ᠪᠡᠯᠡᠳᠬᠡᠯ ᠠᠵᠢᠯ᠂ ᠳᠣᠲᠣᠭᠠᠳᠤ ᠶᠠᠪᠤᠳᠠᠯ ᠤᠨ | ᠡᠷᠡᠭᠦᠯ ᠬᠠᠮᠠᠭᠠᠯᠠᠯ᠂ ᠴᠠᠭᠳᠠᠭᠠᠨ ᠤ ᠳᠦᠷᠢ ᠲᠥᠷᠬᠦ ᠬᠡᠪ ᠰᠤᠷᠲᠠᠯ᠂ 24 ᠴᠠᠭ ᠤᠨ ᠵᠢᠵᠢᠭᠦᠷ ᠤᠨ ᠪᠠᠶᠢᠳᠠᠯ᠂ | ᠠᠷᠢᠬᠢ ᠴᠠᠭᠠᠵᠠᠯᠠᠬᠤ ᠵᠠᠷᠯᠢᠭ ᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠪᠠᠶᠢᠴᠠᠭᠠᠭᠰᠠᠨ ᠪᠥᠭᠡᠳ ᠵᠢᠵᠢᠭᠦᠷ ᠤᠨ | ᠵᠢᠵᠢᠭᠦᠷ ᠤᠨ ᠠᠷᠠᠳ ᠤᠨ ᠲᠤᠰᠠᠯᠠᠬᠤ ᠴᠠᠭᠳᠠᠭ᠎ᠠ ᠶᠢᠨ ᠲᠤᠬᠠᠶ ᠶᠢᠨ ᠲᠠᠯᠠᠪᠤᠷ ᠲᠤ ᠰᠫᠢᠷᠲ ᠤᠨ ᠪᠠᠶᠢᠴᠠᠭᠠᠯᠲᠠ | ᠬᠢᠵᠦ᠂ ᠲᠤᠬᠠᠶ ᠶᠢᠨ ᠲᠠᠯᠠᠪᠤᠷ ᠲᠤ ︽ᠵᠢᠷᠭᠤᠭᠠᠨ ᠵᠦᠢᠯ ᠤᠨ ᠲᠣᠭᠲᠠᠭᠠᠯ︾ ᠵᠡᠷᠭᠡ ᠠᠭᠤᠯᠭ᠎ᠠ ᠶᠢ ᠠᠰᠠᠭᠤᠵᠤ᠂ | ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠲᠤᠬᠠᠶ ᠶᠢᠨ ᠲᠠᠯᠠᠪᠤᠷ ᠲᠤ ᠴᠡᠭᠴᠡᠯᠡᠨ | ᠰᠠᠶᠢᠵᠢᠷᠠᠭᠤᠯᠬᠤ ᠰᠠᠨᠠᠯ ᠳᠤᠷᠠᠳᠪᠠ᠃ | ᠡᠭᠦᠨ ᠤ ᠬᠠᠮᠲᠤ ᠱᠠᠭᠠᠷᠳᠠᠯᠭ᠎ᠠ ᠳᠤᠷᠠᠳᠤᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ | ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ | ᠵᠢᠷᠤᠮᠯᠠᠨ᠂ ᠶᠠᠮᠤᠨ ᠴᠠᠭᠳᠠᠭ᠎ᠠ ᠶᠢ ᠵᠦᠶ ᠵᠣᠬᠢᠰᠲᠠᠶ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠰᠤᠯᠠᠷᠠᠭᠤᠯᠤᠯ | ᠦᠭᠡᠶ ᠨᠠᠶᠢᠳᠠᠪᠤᠷᠢᠵᠢᠭᠤᠯᠵᠤ᠂ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠬᠤ ᠶᠢ ᠰᠠᠶᠢᠲᠤᠷ ᠬᠢᠬᠦ ᠶᠢᠨ ᠵᠡᠷᠭᠡ ᠳᠤ ᠪᠠᠰᠠ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠠᠷᠢᠨ ᠨᠢᠭᠲᠠ ᠪᠡᠯᠡᠳᠬᠡᠯ ᠲᠥᠰᠦᠯ ᠢ ᠰᠠᠶᠢᠲᠤᠷ ᠲᠣᠭᠲᠠᠭᠠᠵᠤ᠂ | ᠪᠠᠶᠢᠳᠠᠯ ᠭᠠᠷᠤᠮᠠᠭᠴᠠ ᠴᠠᠭᠳᠠᠭ᠎ᠠ ᠶᠢᠨ ᠠᠵᠢᠯ ᠢ ᠲᠦᠷᠭᠡᠨ ᠬᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠶ᠃ | ᠬᠤᠶᠠᠷ ᠲᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 | ᠴᠠᠭ ᠢᠶᠠᠷ ᠵᠢᠵᠢᠭᠦᠷᠯᠡᠵᠦ ᠠᠵᠢᠯ ᠳᠤ ᠪᠡᠯᠡᠳᠬᠡᠬᠦ ᠲᠦᠷᠢᠮ ᠤᠨ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ | ᠮᠥᠴᠢᠷ ᠤᠨ ᠬᠢᠨ ᠡᠷᠬᠡᠪᠰᠢ ᠬᠠᠭᠠᠰ ᠤᠨ ᠨᠢᠭᠡ ᠶᠢᠨ ᠴᠠᠭᠳᠠᠭᠠᠨ ᠤ ᠬᠦᠴᠦᠨ ᠤ ᠠᠵᠢᠯ ᠤᠨ ᠪᠠᠶᠢᠷᠢ ᠳᠠᠭᠠᠨ | ᠪᠠᠶᠢᠬᠤ ᠶᠢ ᠪᠠᠲᠤᠯᠠᠵᠤ᠂ ᠪᠠᠴᠢᠮ ᠪᠠᠶᠢᠳᠠᠯ ᠤᠨ ᠳᠣᠤᠷ᠎ᠠ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠲᠠᠲᠠᠵᠤ ᠳᠡᠶᠢᠯᠬᠦ | ᠂ ᠪᠠᠶᠢᠯᠳᠤᠵᠤ ᠳᠡᠶᠢᠯᠬᠦ ᠶᠢ ᠪᠠᠲᠤᠯᠠᠬᠤ ᠬᠡᠷᠡᠭᠲᠡᠶ᠃ ᠭᠤᠷᠪᠠ ᠳᠤ ᠤᠷᠢᠳᠴᠢᠯᠠᠨ ᠰᠡᠷᠭᠡᠶᠢᠯᠡᠵᠦ ᠵᠢᠭᠰᠠᠭᠠᠨ | ᠪᠠᠶᠢᠴᠠᠭᠠᠬᠤ ᠶᠢ ᠳᠣᠪᠤᠶᠢᠯᠭᠠᠨ᠂ ᠠᠮᠠᠷᠠᠯᠲᠠ ᠶᠢᠨ ᠬᠤᠭᠤᠴᠠᠭᠠᠨ ᠳᠤ ᠬᠥᠮᠦᠨ᠂ ᠲᠡᠷᠭᠡᠨ ᠤ ᠲᠤᠭ᠎ᠠ ᠬᠡᠮᠵᠢᠶ᠎ᠡ ᠶᠡᠭᠡ | ᠪᠠᠶᠢᠵᠤ᠂ ᠡᠯ᠎ᠡ ᠲᠣᠮᠢᠯᠠᠭᠰᠠᠨ ᠰᠠᠯᠪᠤᠷᠢ᠂ ᠵᠢᠵᠢᠭᠦᠷᠯᠡᠬᠦ ᠭᠠᠵᠠᠷ ᠤᠨ ᠬᠢᠨ ᠬᠠᠷᠢᠶ᠎ᠠ ᠣᠷᠣᠨ ᠤ ᠪᠠᠨ ᠨᠡᠶᠢᠭᠡᠮ ᠤᠨ | ᠠᠮᠤᠷ ᠲᠦᠪᠰᠢᠨ ᠤ ᠲᠣᠭᠤᠷᠢᠨ ᠴᠠᠭᠳᠠᠵᠤ ᠪᠠᠶᠢᠴᠠᠭᠠᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ | ᠵᠢᠭᠰᠠᠭᠠᠨ ᠪᠠᠶᠢᠴᠠᠭᠠᠬᠤ ᠶᠢ ᠰᠠᠶᠢᠲᠤᠷ ᠬᠢᠵᠦ᠂ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠨ᠂ ᠠᠮᠤᠷ | ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |