ᠰᠢᠩ ᠾᠧ ᠰᠢᠶᠠᠨ ᠤ ᠡᠮᠡᠭᠲᠡᠶᠢᠴᠦᠳ ᠤᠨ ᠬᠤᠯᠪᠣᠭ᠎ᠠ 2023 ᠣᠨ ᠤ ︽ᠦᠵᠡᠰᠬᠦᠯᠡᠩᠲᠦ ᠰᠠᠶᠢᠬᠠᠨ ᠬᠦᠷᠢᠶ᠎ᠡ︾ ᠶᠢ ᠡᠭᠦᠳᠴᠦ ᠦᠨᠡᠯᠡᠨ ᠬᠥᠬᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/7
      ᠰᠢ ᠶᠢᠨ ᠫᠢᠩ ᠶᠡᠷᠦᠩᠬᠡᠶ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠮᠡᠭᠲᠡᠶᠢᠴᠦᠳ ᠤᠨ ᠠᠵᠢᠯᠯᠠᠭ᠎ᠠ︾ ᠶᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠤᠨ ᠢ ᠨᠡᠩ ᠦᠵᠡᠰᠬᠦᠯᠡᠩᠲᠦ ᠰᠠᠶᠢᠬᠠᠨ᠂ ᠣᠷᠴᠢᠨ ᠲᠣᠭᠤᠷᠢᠨ ᠢ ᠨᠡᠩ ᠠᠮᠢ ᠠᠬᠤᠶ ᠶᠢᠨ᠂ ᠬᠠᠮᠢᠶᠠᠷᠤᠯᠲᠠ ᠶᠢ ᠨᠡᠩ ᠪᠦᠲᠦᠮᠵᠢᠲᠡᠶ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠤᠶ ᠪᠣᠯᠭᠠᠵᠤ᠂ ᠭᠡᠷ ᠪᠦᠯᠢ ᠶᠢᠨ ᠪᠦᠷᠢᠯᠳᠦᠬᠦᠨ ᠢᠶᠠᠨ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ᠂ ᠪᠣᠬᠢᠷᠲᠤᠯ ᠦᠭᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠪᠤᠶ ᠪᠣᠯᠭᠠᠵᠤ᠂ ︽3.8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠤᠨ ᠬᠤᠭᠤᠴᠠᠭᠠᠨ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠪᠥᠬᠦ ᠰᠢᠶᠠᠨ ᠤ 9 ᠰᠢᠶᠠᠩ ᠪᠠᠯᠭᠠᠰᠤᠨ ᠳᠤ ᠭᠦᠨᠵᠡᠭᠡᠶᠢᠷᠡᠨ 2023 ᠣᠨ ᠤ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢ ᠡᠭᠦᠳᠦᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠵᠦ᠂ ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠤᠨ ᠳᠠᠶᠢᠴᠢᠯᠠᠬᠤ᠂ ᠱᠠᠲᠤ ᠱᠠᠲᠤ ᠪᠠᠷ ᠲᠠᠨᠢᠯᠴᠠᠭᠤᠯᠬᠤ᠂ ᠴᠢᠩᠭ᠎ᠠ ᠬᠢᠨᠠᠨ ᠬᠠᠷᠭᠤᠭᠤᠯᠬᠤ ᠪᠠᠷ ᠳᠡᠮᠵᠢᠨ᠂ 2023 ᠣᠨ ᠳᠤ ᠰᠢᠯᠭᠠᠷᠠᠭᠤᠯᠵᠤ ᠭᠠᠷᠭᠠᠭᠰᠠᠨ ᠯᠢᠦ ᠯᠠᠨ ᠳ᠋ᠢ᠂ ᠵᠣᠣ ᠨᠢᠤᠢ ᠸᠠ ᠵᠡᠷᠭᠡ 200 ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠵᠢᠴᠢ 10 ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ ᠵᠢᠱᠢᠶ᠎ᠡ ᠦᠵᠡᠭᠦᠯᠬᠦ ᠡᠷᠦᠬᠡ︾ ᠶᠢ ᠬᠥᠬᠢᠭᠦᠯᠦᠨ ᠰᠠᠶᠢᠰᠢᠶᠠᠬᠤ ᠪᠠ ᠫᠠᠶᠢᠰᠠ ᠣᠯᠭᠤᠵᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ᠂ ᠡᠯ᠎ᠡ ᠰᠢᠶᠠᠩ ᠪᠠᠯᠭᠠᠰᠤᠨ ᠤ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠥᠬᠢᠭᠦᠯᠦᠨ ᠰᠠᠶᠢᠰᠢᠶᠠᠵᠤ ᠫᠠᠶᠢᠰᠠ ᠣᠯᠭᠤᠬᠤ ᠶᠣᠰᠣᠯᠠᠯ ᠳᠤ ᠣᠷᠣᠯᠴᠠᠵᠠᠶ᠃      ᠲᠤᠰ ᠤᠳᠠᠭᠠᠨ ᠤ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠨᠢ ᠡᠯ᠎ᠡ ᠰᠢᠶᠠᠩ ᠪᠠᠯᠭᠠᠰᠤᠨ ᠤ ᠲᠣᠰᠬᠤᠨ ᠤ ᠠᠷᠠᠳ ᠤᠨ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠴᠢᠷᠮᠠᠶᠢᠯᠭ᠎ᠠ ᠪᠠ ᠴᠢᠷᠮᠠᠶᠢᠯᠭ᠎ᠠ ᠶᠢ ᠨᠤᠲᠠᠯᠠᠭᠰᠠᠨ ᠢᠶᠠᠷ ᠪᠠᠷᠠᠬᠤ ᠦᠭᠡᠶ᠂ ᠨᠡᠩ ᠴᠤ ᠥᠷᠭᠡᠨ ᠤᠯᠠᠨ ᠡᠮᠡᠭᠲᠡᠶᠢᠴᠦᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠠᠯᠠᠭᠤᠨ ᠬᠠᠶᠢᠷ᠎ᠠ ᠪᠠ ᠬᠥᠭᠡᠭᠡᠴᠡᠯᠳᠦᠯ ᠢ ᠤᠷᠮᠠᠰᠢᠭᠤᠯᠤᠨ ᠵᠣᠷᠢᠭᠵᠢᠭᠤᠯᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠭᠡᠷ ᠪᠦᠯᠢ ᠶᠢᠨ ᠬᠢᠨ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠵᠣᠯ ᠵᠢᠷᠭᠠᠯᠲᠤ ᠭᠡᠷ ᠣᠷᠣᠨ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠬᠤ ᠪᠥᠭᠡᠳ ᠨᠡᠩ ᠤᠯᠠᠨ ᠭᠡᠷ ᠪᠦᠯᠢ ᠶᠢᠨ ᠬᠢᠨ ︽ᠦᠵᠡᠰᠬᠦᠯᠡᠩᠲᠦ ᠰᠠᠶᠢᠬᠠᠨ ᠬᠦᠷᠢᠶ᠎ᠡ︾ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠠᠭ᠎ᠠ ᠭᠡᠷ ᠪᠦᠯᠢ ᠪᠠᠨ ᠨᠡᠩ ᠬᠠᠯᠠᠭᠤᠨ ᠳᠣᠲᠣᠨᠣ᠂ ᠤᠯᠠᠨ ᠢᠶᠠᠷ ᠢᠶᠠᠨ ᠨᠡᠩ ᠡᠶ᠎ᠡ ᠵᠣᠬᠢᠴᠠᠩᠭᠤᠢ ᠪᠣᠯᠭᠠᠬᠤ ᠶᠢ ᠬᠦᠰᠡᠵᠦ ᠪᠠᠶᠢᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3