ᠰᠠᠶᠢᠬᠤᠰᠤ ᠬᠠᠤᠯᠢ ᠴᠠᠭᠠᠵᠠ ᠶᠢᠨ ᠭᠠᠵᠠᠷ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/7
      ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠤᠨ᠂ ᠰᠤᠷᠤᠭᠴᠢᠳ ᠤᠨ ᠬᠠᠤᠯᠢ ᠴᠠᠭᠠᠵᠠ ᠶᠢᠨ ᠮᠡᠳᠡᠯᠭᠡ ᠶᠢᠨ ᠬᠢᠷᠢ ᠬᠡᠮᠵᠢᠶ᠎ᠡ ᠶᠢ ᠤᠢᠢᠷ᠎ᠠ ᠳᠤ᠂ ᠰᠠᠶᠢᠬᠤᠰᠤ ᠶᠢᠨ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠰᠠᠶᠢᠬᠤᠰᠤ ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠳᠤ ᠢᠷᠡᠵᠤ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠢ ᠡᠰᠡᠷᠭᠦᠴᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠰᠤᠷᠤᠭᠴᠢᠳ ᠲᠤ ᠰᠤᠷᠭᠠᠨ ᠬᠥᠮᠦᠵᠢᠯ ᠤᠨ ᠠᠴᠢ ᠬᠤᠯᠪᠣᠭᠳᠠᠯ ᠲᠠᠢ ᠬᠠᠤᠯᠢ ᠴᠠᠭᠠᠵᠠ ᠶᠢᠨ ᠮᠡᠳᠡᠯᠭᠡ ᠶᠢᠨ ᠬᠢᠴᠢᠶᠡᠯ ᠣᠷᠣᠵᠤ ᠥᠭᠴᠡᠢ᠃      ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠳᠤ᠂ ᠰᠠᠶᠢᠬᠤᠰᠤ ᠶᠢᠨ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠦᠨᠡᠨ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠤᠨ ᠲᠣᠮᠢᠶᠠᠯᠠᠯ ᠪᠠ ᠬᠤᠣᠷ ᠬᠥᠨᠥᠭᠡᠯ ᠢ ᠲᠠᠶᠢᠯᠪᠤᠷᠢᠯᠠᠵᠤ᠂ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠢ ᠬᠡᠷᠬᠢᠨ ᠠᠷᠭᠠᠴᠠᠬᠤ ᠵᠢᠴᠢ ᠲᠤᠷᠤᠮᠵᠢᠯᠠᠯ ᠢ ᠬᠡᠷᠬᠢᠨ ᠰᠤᠷᠭᠠᠭᠤᠯᠢ ᠶᠢᠨ ᠬᠦᠷᠢᠶᠡᠨ ᠠᠴᠠ ᠵᠠᠶᠢᠳᠠᠭᠤᠯᠬᠤ ᠶᠢ ᠵᠢᠭᠠᠵᠤ ᠥᠭᠴᠡᠢ᠃ ᠡᠭᠦᠨ ᠤ ᠬᠠᠮᠲᠤ᠂ ᠪᠣᠷᠣᠭᠵᠢᠭᠤᠨ ᠦᠭᠡ ᠬᠡᠯᠡ ᠪᠠᠷ ᠳᠠᠮᠵᠢᠭᠤᠯᠤᠨ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠤᠯᠪᠣᠭᠳᠠᠯ ᠪᠥᠬᠦᠶ ᠬᠠᠤᠯᠢ ᠶᠢᠨ ᠬᠠᠷᠢᠭᠤᠴᠠᠯᠭ᠎ᠠ ᠶᠢ ᠲᠠᠶᠢᠯᠪᠤᠷᠢᠯᠠᠨ ᠥᠭᠴᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠤᠨ ᠦᠢᠯᠡ ᠠᠵᠢᠯᠯᠠᠭ᠎ᠠ ᠶᠢ ᠨᠢ ᠵᠢᠷᠤᠮᠵᠢᠭᠤᠯᠵᠤ᠂ ᠥᠪᠡᠷ ᠤᠨ ᠪᠡᠶ᠎ᠡ ᠪᠤᠶᠤ ᠪᠤᠰᠤᠳ ᠬᠥᠮᠦᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠳᠤ ᠤᠴᠠᠷᠠᠪᠠᠯ ᠬᠠᠪᠰᠤᠷᠤᠯᠭ᠎ᠠ ᠴᠢᠬᠤᠯᠠᠲᠠᠶ ᠦᠶ᠎ᠡ ᠳᠤ ᠥᠪᠡᠷ ᠤᠨ ᠠᠮᠤᠷ ᠲᠦᠪᠰᠢᠨ ᠢᠶᠠᠨ ᠦᠨᠡᠨ ᠬᠦ ᠪᠠᠲᠤᠯᠠᠭᠰᠠᠨ ᠪᠠᠶᠢᠳᠠᠯ ᠳᠣᠤᠷ᠎ᠠ᠂ ᠥᠪᠡᠷ ᠤᠨ ᠴᠢᠳᠠᠯ ᠤᠨ ᠢᠶᠠᠨ ᠬᠢᠷᠢ ᠪᠠᠷ ᠴᠠᠭ ᠲᠤᠬᠠᠶ ᠳᠤᠨᠢ ᠲᠤᠰᠠᠯᠠᠮᠵᠢ ᠦᠵᠡᠭᠦᠯᠬᠦ ᠬᠡᠷᠡᠭᠲᠡᠶ᠃      ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠶ ᠪᠠ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠪᠠᠭᠠᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠰᠤᠷᠭᠠᠭᠤᠯᠢ ᠪᠣᠯ ᠵᠠᠯᠠᠭᠤᠴᠤᠳ ᠪᠠᠭᠠᠴᠤᠳ ᠤᠨ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭᠠᠨ ᠤ ᠬᠥᠮᠦᠵᠢᠯ ᠤᠨ ᠴᠢᠬᠤᠯᠠ ᠵᠢᠭᠰᠠᠭᠠᠯ ᠤᠨ ᠭᠠᠵᠠᠷ ᠮᠥᠨ᠃ ᠵᠠᠯᠭᠠᠭᠠᠳ ᠰᠠᠶᠢᠠᠤᠰᠤ ᠶᠢᠨ ᠬᠠᠤᠯᠢ ᠴᠠᠭᠠᠵᠠ ᠶᠢᠨ ᠭᠠᠵᠠᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠨᠠᠭᠰᠢᠳᠠ ᠴᠢᠩᠭᠠᠳᠬᠠᠵᠤ᠂ ᠬᠠᠤᠯᠢᠵᠢᠯ ᠤᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠪᠣᠯᠤᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3