4 ᠰᠠᠷ᠎ᠠ ᠶᠢᠨ 7 ᠤ ᠡᠳᠦᠷ᠂ ᠮᠠᠨ ᠤ ᠰᠢᠶᠠᠨ ᠥᠪᠥᠷ ᠮᠣᠩᠭᠤᠯ ᠤᠨ ᠶᠠ ᠰᠢᠨ ᠯᠦᠩ ᠱᠦᠨ ᠣᠨᠴᠠᠭᠠᠶ | ᠪᠣᠯᠣᠳ ᠲᠡᠮᠦᠷ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠠ᠃ ᠰᠢᠶᠠᠨ ᠤ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠶᠠᠷᠢᠯᠴᠠᠬᠤ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ᠂ ᠯᠢ ᠺᠠᠶ ᠳ᠋ᠦᠩ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠤᠨ | ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠤᠶᠠᠷ ᠲᠠᠯ᠎ᠠ ᠪᠠᠷ ᠢᠶᠠᠨ ᠲᠡᠮᠦᠷ ᠤᠨ | ᠬᠠᠶᠢᠯᠤᠰᠢ ᠶᠢᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ᠂ | ᠴᠠᠬᠢᠯᠭᠠᠨ ᠬᠠᠩᠭᠠᠬᠤ᠂ ᠭᠠᠵᠠᠷ ᠬᠡᠷᠡᠭᠯᠡᠬᠦ ᠵᠢᠴᠢ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ | ᠲᠠᠯ᠎ᠠ ᠪᠠᠷ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠯᠢ ᠺᠠᠶ ᠳ᠋ᠦᠩ ᠢᠯᠡᠷᠬᠡᠶᠢᠯᠡᠬᠦ ᠳᠡᠭᠡᠨ᠂ | ᠰᠢᠶᠠᠨ ᠤ ᠵᠠᠰᠠᠭ ᠤᠨ ᠣᠷᠳᠣᠨ ᠠᠵᠤ ᠤᠶᠢᠯᠡᠰ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ ᠠᠵᠤ ᠤᠶᠢᠯᠡᠰ ᠤᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠤᠭ ᠤᠨ ᠰᠢᠯᠢᠳᠡᠭ ᠣᠷᠴᠢᠨ ᠲᠣᠭᠤᠷᠢᠨ᠂ | ᠬᠠᠮᠤᠭ ᠤᠨ ᠰᠠᠶᠢᠨ ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠤᠨ ᠬᠥᠭᠵᠢᠯᠲᠡ ᠳᠤ ᠪᠥᠬᠦ ᠬᠦᠴᠦᠨ ᠤ | ᠪᠠᠲᠤᠯᠠᠭ᠎ᠠ ᠬᠠᠩᠭᠠᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠥᠯᠭᠢᠨ ᠠᠬᠢᠭᠤᠯᠵᠤ᠂ | ᠬᠠᠷᠢᠯᠴᠠᠨ ᠠᠰᠢᠭ ᠬᠦᠷᠲᠡᠭᠡᠵᠦ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠶ᠃ | ᠥᠪᠥᠷ ᠮᠣᠩᠭᠤᠯ ᠤᠨ ᠶᠠ ᠰᠢᠨ ᠯᠦᠩ ᠱᠦᠨ ᠣᠨᠴᠠᠭᠠᠶ ᠪᠣᠯᠣᠳ ᠲᠡᠮᠦᠷ ᠤᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠲᠤᠬᠠᠶᠢᠯᠠᠭᠰᠠᠨ ᠠᠵᠢᠯ ᠤᠨ | ᠪᠠᠶᠢᠷᠢᠯᠠᠭᠤᠯᠤᠯᠲᠠ᠂ ᠪᠠᠯᠠ ᠣᠷᠣᠭᠤᠯᠤᠯᠲᠠ ᠶᠢᠨ ᠠᠷᠭ᠎ᠠ ᠪᠣᠳᠣᠯᠭ᠎ᠠ ᠵᠡᠷᠭᠡ ᠪᠠᠶᠢᠳᠠᠯ ᠢ ᠲᠠᠨᠢᠯᠴᠠᠭᠤᠯᠪᠠ᠃ ᠡᠭᠦᠨ ᠤ | ᠬᠠᠮᠲᠤ᠂ ᠮᠠᠨ ᠤ ᠰᠢᠶᠠᠨ ᠤ ᠬᠥᠭᠵᠢᠯᠲᠡ ᠶᠢᠨ ᠢᠷᠡᠭᠡᠳᠦᠢ ᠶᠢ ᠮᠠᠰᠢ ᠰᠠᠶᠢᠨ ᠬᠠᠷᠠᠵᠤ᠂ ᠵᠣᠯᠭᠠᠯᠴᠠᠭ᠎ᠠ | ᠰᠣᠯᠢᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠪᠦᠬᠦ ᠬᠦᠴᠦᠨ ᠢᠶᠠᠷ ᠢᠶᠠᠨ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ ᠭᠡᠵᠦ ᠢᠯᠡᠳᠬᠡᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |