ᠮᠠᠨ ᠤ ᠰᠢᠶᠠᠨ ᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/4/8
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠮᠤᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ᠂ ᠪᠥᠬᠦ ᠰᠢᠶᠠᠨ ᠤ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠵᠣᠭᠰᠣᠴᠠ ᠶᠢ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 9 ᠤ ᠡᠳᠦᠷ᠂ ᠪᠥᠬᠦ ᠰᠢᠶᠠᠨ ᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠪᠡ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ 4 ᠡᠳᠦᠷ ᠪᠠᠶᠢᠵᠤ᠂ ᠥᠪᠥᠷ ᠮᠣᠩᠭᠤᠯ ᠤᠨ ᠨᠠᠮ ᠤᠨ ᠰᠤᠷᠭᠠᠭᠤᠯᠢ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠤᠰᠬᠠᠶ ᠲᠤᠰᠢᠶᠠᠯᠲᠤ ᠪᠠᠭᠰᠢ ᠶᠢ ᠤᠷᠢᠵᠤ ᠣᠨᠣᠯ ᠤᠨ ᠬᠠᠪᠰᠤᠷᠤᠨ ᠵᠢᠯᠣᠭᠤᠳᠣᠯᠭ᠎ᠠ ᠬᠢᠯᠭᠡᠨ᠎ᠡ᠃ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠰᠣᠶᠣᠯ ᠤᠨ ᠦᠵᠡᠯ ᠰᠠᠨᠠᠭ᠎ᠠ ᠶᠢ ᠪᠣᠯᠪᠠᠰᠤᠷᠠᠭᠤᠯᠵᠤ᠂ ᠮᠣᠩᠭᠤᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠵᠦ᠂ ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠶ᠎ᠠ — ︿ᠬᠥᠮᠦᠨ ᠤ ᠦᠯᠢᠬᠡᠷ ᠳᠠᠭᠤᠷᠢᠶᠠᠯ﹀ ᠳᠦᠭᠦᠶᠢᠮ᠎ᠠ ᠶᠢᠨ ᠶᠠᠷᠢᠶ᠎ᠠ︾ ᠠᠴᠠ ᠨᠠᠷᠢᠨ ᠲᠠᠶᠢᠯᠪᠤᠷᠢᠯᠠᠯᠲᠠ ᠬᠢᠵᠡᠢ᠃      ᠪᠣᠯᠪᠠᠰᠤᠷᠠᠭᠤᠯᠬᠤ ᠱᠠᠭᠠᠷᠳᠠᠯᠭ᠎ᠠ᠂ ᠪᠦᠬᠦ ᠨᠠᠮ ᠤᠨ ᠭᠡᠰᠢᠭᠦᠨ ᠤᠳᠤᠷᠢᠳᠬᠤ ᠺᠠᠳ᠋ᠷ ᠲᠦᠷᠦᠭᠦᠯᠡᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠴᠤᠴᠠᠯᠲᠠ ᠥᠬᠡᠶ ᠪᠠᠷ ᠣᠭ ᠵᠣᠬᠢᠶᠠᠯ ᠢ ᠤᠩᠰᠢᠵᠤ ᠣᠭ ᠵᠣᠬᠢᠶᠠᠯ ᠢ ᠰᠤᠷᠤᠯᠴᠠᠨ ᠣᠭ ᠶᠣᠰᠣ ᠶᠢ ᠣᠶᠢᠯᠠᠭᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠰᠢᠨᠵᠢᠯᠡᠬᠦ ᠤᠬᠠᠭᠠᠨ ᠤ ᠰᠢᠰᠲ᠋ᠧᠮ᠂ ᠭᠤᠤᠯᠯᠠᠬᠤ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠡᠵᠡᠮᠰᠢᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠪᠣᠯᠭᠠᠨ ᠬᠤᠪᠢᠷᠠᠭᠤᠯᠵᠤ᠂ ᠮᠠᠨ ᠤ ᠰᠢᠶᠠᠨ ᠤ ᠠᠵᠢᠯ ᠦᠢᠯᠡᠰ ᠤᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠬᠤ ᠬᠡᠷᠡᠭᠲᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3