ᠮᠠᠨ ᠤ ᠰᠢᠶᠠᠨ ᠥᠪᠥᠷ ᠮᠣᠩᠭᠤᠯ ᠤᠨ ᠶᠠ ᠰᠢᠨ ᠯᠦᠩ ᠱᠦᠨ ᠣᠨᠴᠠᠭᠠᠶ ᠪᠣᠯᠣᠳ ᠲᠡᠮᠦᠷ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2024/4/8
     4 ᠰᠠᠷ᠎ᠠ ᠶᠢᠨ 7 ᠤ ᠡᠳᠦᠷ᠂ ᠮᠠᠨ ᠤ ᠰᠢᠶᠠᠨ ᠥᠪᠥᠷ ᠮᠣᠩᠭᠤᠯ ᠤᠨ ᠶᠠ ᠰᠢᠨ ᠯᠦᠩ ᠱᠦᠨ ᠣᠨᠴᠠᠭᠠᠶ ᠪᠣᠯᠣᠳ ᠲᠡᠮᠦᠷ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠶᠠᠷᠢᠯᠴᠠᠬᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠯᠢ ᠺᠠᠶ ᠳ᠋ᠦᠩ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠤᠶᠠᠷ ᠲᠠᠯ᠎ᠠ ᠪᠠᠷ ᠢᠶᠠᠨ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ᠂ ᠴᠠᠬᠢᠯᠭᠠᠨ ᠬᠠᠩᠭᠠᠬᠤ᠂ ᠭᠠᠵᠠᠷ ᠬᠡᠷᠡᠭᠯᠡᠬᠦ ᠵᠢᠴᠢ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠪᠠᠷ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠯᠢ ᠺᠠᠶ ᠳ᠋ᠦᠩ ᠢᠯᠡᠷᠬᠡᠶᠢᠯᠡᠬᠦ ᠳᠡᠭᠡᠨ᠂ ᠰᠢᠶᠠᠨ ᠤ ᠵᠠᠰᠠᠭ ᠤᠨ ᠣᠷᠳᠣᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠤᠭ ᠤᠨ ᠰᠢᠯᠢᠳᠡᠭ ᠣᠷᠴᠢᠨ ᠲᠣᠭᠤᠷᠢᠨ᠂ ᠬᠠᠮᠤᠭ ᠤᠨ ᠰᠠᠶᠢᠨ ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠤᠨ ᠬᠥᠭᠵᠢᠯᠲᠡ ᠳᠤ ᠪᠥᠬᠦ ᠬᠦᠴᠦᠨ ᠤ ᠪᠠᠲᠤᠯᠠᠭ᠎ᠠ ᠬᠠᠩᠭᠠᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠥᠯᠭᠢᠨ ᠠᠬᠢᠭᠤᠯᠵᠤ᠂ ᠬᠠᠷᠢᠯᠴᠠᠨ ᠠᠰᠢᠭ ᠬᠦᠷᠲᠡᠭᠡᠵᠦ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠶ᠃      ᠥᠪᠥᠷ ᠮᠣᠩᠭᠤᠯ ᠤᠨ ᠶᠠ ᠰᠢᠨ ᠯᠦᠩ ᠱᠦᠨ ᠣᠨᠴᠠᠭᠠᠶ ᠪᠣᠯᠣᠳ ᠲᠡᠮᠦᠷ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠲᠤᠬᠠᠶᠢᠯᠠᠭᠰᠠᠨ ᠠᠵᠢᠯ ᠤᠨ ᠪᠠᠶᠢᠷᠢᠯᠠᠭᠤᠯᠤᠯᠲᠠ᠂ ᠪᠠᠯᠠ ᠣᠷᠣᠭᠤᠯᠤᠯᠲᠠ ᠶᠢᠨ ᠠᠷᠭ᠎ᠠ ᠪᠣᠳᠣᠯᠭ᠎ᠠ ᠵᠡᠷᠭᠡ ᠪᠠᠶᠢᠳᠠᠯ ᠢ ᠲᠠᠨᠢᠯᠴᠠᠭᠤᠯᠪᠠ᠃ ᠡᠭᠦᠨ ᠤ ᠬᠠᠮᠲᠤ᠂ ᠮᠠᠨ ᠤ ᠰᠢᠶᠠᠨ ᠤ ᠬᠥᠭᠵᠢᠯᠲᠡ ᠶᠢᠨ ᠢᠷᠡᠭᠡᠳᠦᠢ ᠶᠢ ᠮᠠᠰᠢ ᠰᠠᠶᠢᠨ ᠬᠠᠷᠠᠵᠤ᠂ ᠵᠣᠯᠭᠠᠯᠴᠠᠭ᠎ᠠ ᠰᠣᠯᠢᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3