ᠮᠠᠨ ᠤ ᠰᠢᠶᠠᠨ ᠪᠣᠯᠤᠨ ᠪᠡᠭᠡᠵᠢᠩ ᠬᠤᠲᠠ ᠶᠢᠨ ᠰᠢᠲᠠᠮᠠᠬᠠᠶ ᠬᠡᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠺᠦᠨᠮᠢᠩ ᠤᠨ ᠬᠠᠶᠢᠨ ᠬᠡᠮᠵᠢᠬᠦ ᠵᠢᠷᠤᠭ ᠲᠥᠯᠥᠪᠯᠡᠭᠡᠨ ᠤ ᠰᠤᠳᠤᠯᠭ᠍ᠮᠠᠨ ᠤ ᠰᠢᠶᠠᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠠᠵᠢᠯ ᠡᠬᠢᠯᠡᠪᠡ
ᠨᠡᠶᠢᠲᠡᠯᠡᠭᠰᠡᠨ ᠴᠠᠭ᠄
2024/4/9
     4 ᠰᠠᠷ᠎ᠠ ᠶᠢᠨ 7 ᠤ ᠡᠳᠦᠷ᠂ ᠮᠠᠨ ᠤ ᠰᠢᠶᠠᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠩᠬᠢᠨᠢ ᠪᠠᠷ ᠠᠵᠢᠯ ᠢᠶᠠᠨ ᠡᠬᠢᠯᠡᠭᠦᠯᠪᠡ᠃      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠣᠲᠣ ᠦᠶ᠎ᠡ ᠶᠢᠨ ᠲᠠᠷᠢᠶᠠᠯᠠᠩ ᠤᠨ ᠴᠢᠬᠤᠯᠠ ᠰᠠᠭᠤᠷᠢ ᠮᠥᠨ᠂ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠮᠥᠨ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠲᠣᠰ ᠤᠳᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠡᠬᠢᠯᠡᠨ ᠪᠥᠲᠥᠭᠡᠨ ᠪᠠᠶᠢᠭᠤᠯᠤᠭᠰᠠᠨ ᠨᠢ ᠲᠠᠷᠢᠶᠠᠯᠠᠩ ᠤᠨ ᠶᠡᠷᠦᠩᠬᠡᠶᠢᠯᠡᠭᠰᠡᠨ  ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠡᠨᠡ ᠵᠢᠯ᠂ ᠮᠠᠨ ᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠣᠯ 3 ᠲᠦᠮᠡᠨ ᠮᠥ᠂ ᠡᠭᠦᠨ ᠳᠤ ᠳᠥᠷᠪᠡᠨ ᠱᠠᠲᠤᠨ ᠤ ᠬᠢᠨ ᠬᠠᠮᠲᠤ ᠪᠠᠷ ᠬᠠᠭᠤᠷᠠᠶ ᠪᠠᠷ ᠳᠠᠷᠢᠬᠤ ᠥᠨᠳᠥᠷ ᠪᠠᠷᠢᠮᠵᠢᠶᠠᠲᠤ ᠲᠤᠷᠰᠢᠯᠲᠠ ᠶᠢᠨ ᠵᠢᠱᠢᠶ᠎ᠡ ᠦᠵᠡᠭᠦᠯᠬᠦ 2155 ᠮᠥ᠂ ᠤᠰᠤᠨ ᠭᠠᠵᠠᠷ ᠤᠨ ᠥᠨᠳᠥᠷ ᠪᠠᠷᠢᠮᠵᠢᠶ᠎ᠠ 27845 ᠮᠥ ᠪᠣᠶ᠃  ᠰᠠᠶᠢᠬᠤᠰᠤ ᠪᠠᠯᠭᠠᠰᠤ᠂ ᠡᠤ ᠬᠥ᠋ ᠴᠢᠤᠸᠠᠨ ᠰᠢᠶᠠᠩ᠂ ᠪᠦᠯᠬᠦᠮᠳᠡᠯ ᠰᠢᠶᠠᠩ᠂ ᠡᠷᠳᠡᠨᠢ ᠪᠠᠯᠭᠠᠰᠤ᠂ ᠴᠧᠩ ᠭᠤᠸᠠᠨ ᠪᠠᠯᠭᠠᠰᠤ᠂ ᠳ᠋ᠢᠶᠠᠨ ᠽᠢ ᠪᠠᠯᠭᠠᠰᠤ ᠵᠡᠷᠭᠡ 6 ᠰᠢᠶᠠᠩ ᠪᠠᠯᠭᠠᠰᠤ᠂ 29 ᠲᠣᠰᠬᠤᠨ ᠤ ᠠᠷᠠᠳ ᠤᠨ ᠵᠥᠪᠯᠡᠯ ᠤᠨ 35 ᠠᠶᠢᠯ ᠲᠣᠰᠬᠤᠨ ᠳᠤ ᠬᠤᠯᠪᠣᠭᠳᠠᠨ᠎ᠠ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 7878 . 95 ᠲᠦᠮᠡᠨ ᠲᠥᠭᠦᠷᠢᠭ ᠪᠠᠶᠢᠵᠤ᠂ ᠡᠭᠦᠨ ᠳᠤ ᠤᠯᠤᠰ ᠤᠨ ᠵᠢᠭᠡᠯᠡᠯᠭᠡ 7200 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠦᠯᠬᠦ ᠪᠠᠯᠠ ᠮᠥᠩᠭᠦ 378 . 95 ᠲᠦᠮᠡᠨ ᠲᠥᠭᠦᠷᠢᠭ᠂ ᠣᠯᠠᠨ ᠲᠦᠮᠡᠨ ᠥᠪᠡᠰᠦᠪᠡᠨ 300 ᠲᠦᠮᠡᠨ ᠲᠥᠭᠦᠷᠢᠭ ᠴᠤᠭᠯᠠᠭᠤᠯᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3