ᠮᠠᠨ ᠤ ᠰᠢᠶᠠᠨ ᠪᠣᠯᠤᠨ ᠪᠡᠭᠡᠵᠢᠩ ᠬᠤᠲᠠ ᠶᠢᠨ ᠰᠢᠲᠠᠮᠠᠬᠠᠶ ᠬᠡᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠺᠦᠨᠮᠢᠩ ᠤᠨ ᠬᠠᠶᠢᠨ ᠬᠡᠮᠵᠢᠬᠦ ᠵᠢᠷᠤᠭ ᠲᠥᠯᠥᠪᠯᠡᠭᠡᠨ ᠤ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠲᠥᠷᠥᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/9
     4 ᠰᠠᠷ᠎ᠠ ᠶᠢᠨ 7 ᠤ ᠡᠳᠦᠷ᠂ ᠮᠠᠨ ᠤ ᠰᠢᠶᠠᠨ ᠪᠡᠭᠡᠵᠢᠩ ᠬᠤᠲᠠ ᠶᠢᠨ ᠰᠢᠲᠠᠮᠠᠬᠠᠶ ᠬᠡᠶ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠤ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠺᠦᠨᠮᠢᠩ ᠤᠨ ᠬᠠᠶᠢᠨ ᠬᠡᠮᠵᠢᠵᠦ ᠵᠢᠷᠤᠵᠤ ᠲᠥᠯᠥᠪᠯᠡᠬᠦ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠤᠯᠠᠭᠠᠨᠴᠠᠪ ᠤᠨ ᠰᠢᠩ ᠾᠧ ᠰᠢᠶᠠᠨ ᠤ ᠥᠩᠭᠡ ᠦᠵᠡᠮᠵᠢ ᠶᠢᠨ ᠤᠰᠤᠲᠥ᠋ᠷᠥᠭᠴᠢ ᠶᠢ ᠦᠢᠯᠡᠳᠬᠦ ᠲᠥᠷᠥᠯ ᠵᠦᠢᠯ ᠤᠨ ᠲᠥᠰᠦᠯ ᠵᠢᠴᠢ ᠰᠢᠩᠭᠡᠭᠡᠬᠦ ᠬᠡᠷᠡᠭᠯᠡᠭᠡᠨ ᠤ ᠪᠠᠶᠢᠳᠠᠯ ᠵᠡᠷᠭᠡ ᠪᠠᠶᠢᠳᠠᠯ ᠢ ᠲᠠᠨᠢᠯᠴᠠᠭᠤᠯᠪᠠ︔ ᠰᠢᠶᠠᠨ ᠤ ᠤᠳᠤᠷᠢᠳᠤᠯᠭ᠎ᠠ ᠠᠴᠠ ᠠᠵᠤ ᠠᠬᠤᠶᠢᠯᠠᠯ ᠳᠤ ᠮᠠᠨ ᠤ ᠰᠢᠶᠠᠨ ᠤ ᠬᠥᠷᠥᠰᠥ ᠰᠢᠷᠣᠶ᠂ ᠭᠠᠵᠠᠷ ᠣᠷᠣᠨ᠂ ᠵᠠᠮ ᠬᠠᠷᠢᠯᠴᠠᠭ᠎ᠠ ᠵᠡᠷᠭᠡ ᠡᠬᠢ ᠪᠠᠶᠠᠯᠢᠭ ᠤᠨ ᠳᠠᠪᠠᠭᠤᠯᠢᠭ ᠵᠢᠴᠢ ᠮᠠᠨ ᠤ ᠰᠢᠶᠠᠨ ᠳᠤ ᠥᠩᠭᠡ ᠦᠵᠡᠮᠵᠢ ᠶᠢᠨ ᠤᠰᠤᠲᠥ᠋ᠷᠥᠭᠴᠢ ᠦᠢᠯᠡᠳᠬᠦ ᠲᠦᠷᠦᠯ ᠵᠦᠢᠯ ᠢ ᠬᠥᠭᠵᠢᠭᠦᠯᠬᠦ ᠳᠤ ᠪᠠᠶᠢᠬᠤ ᠡᠬᠢ ᠪᠠᠶᠠᠯᠢᠭ ᠤᠨ ᠳᠠᠪᠠᠭᠤᠯᠢᠭ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠵᠡᠷᠭᠡ ᠳᠠᠪᠠᠭᠤᠯᠢᠭ ᠢ ᠲᠠᠨᠢᠯᠴᠠᠭᠤᠯᠤᠭᠰᠠᠨ ᠪᠥᠭᠡᠳ ᠬᠤᠶᠠᠷ ᠲᠠᠯ᠎ᠠ ᠪᠠᠷ ᠢᠶᠠᠨ ᠬᠠᠮᠲᠤᠷᠠᠨ ᠠᠵᠢᠯᠯᠠᠬᠤ ᠤᠴᠢᠷ ᠶᠠᠪᠤᠳᠠᠯ ᠤᠨ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠵᠠᠶ᠃      ᠯᠢ ᠺᠠᠶ ᠳ᠋ᠦᠩ ᠬᠡᠯᠡᠬᠦ ᠳᠡᠭᠡᠨ᠂ ᠰᠢᠩ ᠾᠧ ᠰᠢᠶᠠᠨ ᠤ ᠬᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢᠶᠠᠷ ᠠᠵᠤ ᠠᠬᠤᠶ ᠶᠢᠨ ᠬᠥᠭᠵᠢᠯᠲᠡ ᠶᠢᠨ ᠶᠡᠷᠦᠩᠬᠡᠶ ᠭᠠᠷᠳᠠᠴᠠ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠥᠩᠭᠡ ᠦᠵᠡᠮᠵᠢ ᠶᠢᠨ ᠤᠰᠤᠲᠥ᠋ᠷᠥᠭᠴᠢ ᠦᠢᠯᠡᠳᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠶ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠵᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠰᠢᠩ ᠡᡁᠧ ᠰᠢᠶᠠᠨ ︽ᠨᠢᠭᠡ ᠦᠷᠳᠡᠭᠡᠯᠢᠭ︾ ᠤᠨ ᠦᠢᠯᠡᠴᠢᠯᠡᠭᠡ ᠬᠠᠩᠭᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠬᠠᠩᠭᠠᠬᠤ ᠪᠣᠯᠤᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3