2024 ᠣᠨ ᠤ 5 ᠰᠠᠷ᠎ᠠ ᠶᠢᠨ 9 ᠤ ᠡᠳᠦᠷ᠂ ᠮᠠᠨ ᠤ ᠰᠢᠶᠠᠨ ᠤ ᠬᠤᠳᠠ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠨᠠᠮ ᠤᠨ ᠶᠡᠷᠦᠩᠬᠡᠢ ᠡᠭᠦᠷ ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ | ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠵᠢᠷᠦᠮᠯᠡᠬᠦ︾ ᠭᠡᠬᠦ ᠭᠤᠣᠯ ᠰᠡᠳᠦᠪᠲᠦ ᠨᠠᠮ ᠤᠨ ᠡᠳᠦᠷᠯᠢᠭ ᠤᠨ | ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠶᠢᠨ ᠭᠤᠤᠯ ᠵᠣᠷᠢᠯᠭ᠎ᠠ ᠪᠣᠯ᠄ ᠪᠥᠬᠦ ᠲᠠᠯ᠎ᠠ ᠶᠢᠨ ᠪᠥᠬᠦ ᠨᠠᠮ ᠤᠨ ᠭᠡᠰᠢᠭᠦᠨ ᠺᠠᠳ᠋ᠷᠴᠤᠳ ᠢ | ᠬᠥᠲᠥᠯᠦᠨ ᠵᠢᠯᠣᠭᠤᠳᠴᠤ ᠪᠠᠶᠢᠭᠠᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠴᠢᠩᠭᠠᠳᠬᠠᠬᠤ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠢᠳᠡᠪᠬᠢᠵᠢᠯ ᠪᠠ ᠰᠠᠨᠠᠭᠠᠴᠢᠯᠠᠭᠠᠲᠤ | ᠴᠢᠨᠠᠷ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ | ᠪᠠᠲᠤ ᠶᠢ ᠵᠢᠷᠦᠮᠯᠡᠬᠦ᠂ ᠰᠠᠬᠢᠯᠭ᠎ᠠ ᠪᠠᠲᠤ ᠶᠢ ᠰᠠᠬᠢᠬᠤ ᠶᠢ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠤ ᠠᠵᠢᠯᠯᠠᠭ᠎ᠠ ᠪᠣᠯᠭᠠᠬᠤ ᠬᠡᠷᠡᠭᠲᠡᠶ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ | ᠴᠢᠨᠠᠷ ᠢ ᠴᠢᠩᠭᠠᠳᠬᠠᠵᠤ᠂ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠨᠠᠷᠢᠨ ᠬᠢᠨᠠᠮᠠᠭᠠᠢ | ᠰᠤᠷᠤᠯᠴᠠᠭᠤᠯᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ | ᠬᠠᠳᠠᠩᠰᠢᠭᠤᠯᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ | ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢ ᠴᠢᠩᠭᠠᠳᠬᠠᠵᠤ᠂ ᠢᠮᠠᠭᠲᠠ | ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ | ᠠᠵᠢᠯᠯᠠᠭ᠎ᠠ ᠶᠢᠨ ᠳᠤᠮᠳᠠ᠂ ᠡᠩ ᠲᠡᠷᠢᠭᠦᠨ ᠳᠤ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ | ᠡᠷᠭᠢᠴᠡᠭᠦᠯᠪᠡ︔ ᠳᠠᠷᠠᠭ᠎ᠠ ᠳᠤᠨᠢ ᠲᠣᠰ ᠲᠣᠪᠴᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠴᠢᠬᠤᠯᠠ ᠠᠵᠢᠯ ᠳᠤ ᠰᠠᠨᠠᠭᠤᠯᠤᠮᠵᠢ ᠪᠠ ᠲᠣᠬᠢᠷᠠᠭᠤᠯᠤᠯᠲᠠ ᠬᠢᠪᠠ︔ ᠰᠠᠬᠢᠯᠭ᠎ᠠ ᠪᠠᠲᠤ ᠪᠠᠶᠢᠴᠠᠭᠠᠬᠤ | ᠱᠦᠵᠢ ᠠᠴᠠ ︽︿ᠰᠢᠩ ᠾᠧ ᠰᠢᠶᠠᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ | ᠮᠡᠳᠡᠭᠳᠡᠯ︾ ᠢ ᠤᠯᠠᠮᠵᠢᠯᠠᠨ ᠰᠤᠷᠤᠯᠴᠠᠪᠠ︔ ᠬᠠᠮᠤᠭ ᠰᠡᠭᠦᠯ ᠳᠤ ᠶᠡᠷᠦᠩᠬᠡᠶ ᠡᠭᠦᠷ ᠤᠨ ᠱᠦᠵᠢ ︽︿ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ﹀ ᠤᠨ ᠲᠤᠬᠠᠶ ᠨᠠᠮ ᠤᠨ | ᠬᠢᠴᠢᠶᠡᠯ ᠵᠢᠭᠠᠬᠤ ᠪᠠ ᠵᠠᠳᠠᠯᠤᠯᠲᠠ ᠬᠢᠬᠦ ᠶᠢᠨ ᠬᠠᠮᠲᠤ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ | ᠬᠤᠪᠢ ᠬᠥᠮᠦᠨ ᠤ ᠥᠪᠡᠰᠦᠪᠡᠨ ᠰᠤᠷᠤᠯᠴᠠᠬᠤ ᠪᠠ ᠲᠥᠪᠯᠡᠷᠡᠭᠦᠯᠦᠨ ᠰᠤᠷᠤᠯᠴᠠᠬᠤ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠲᠦᠷᠢᠮ ᠲᠣᠭᠲᠠᠭᠠᠯ ᠢ ᠵᠤᠷᠪᠤᠰ ᠳᠠᠷᠠᠭᠠᠯᠠᠨ ᠰᠤᠷᠤᠯᠴᠠᠵᠤ᠂ ᠰᠤᠷᠤᠯᠴᠠᠬᠤ | ᠭᠤᠤᠯᠳᠠᠯᠭ᠎ᠠ ᠶᠢ ᠲᠣᠪᠤᠶᠢᠮ᠎ᠠ ᠰᠠᠶᠢᠲᠤᠷ ᠠᠳᠬᠤᠵᠤ᠂ ᠦᠨᠡᠨ ᠬᠦ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ | ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠮᠡᠷᠭᠡᠨ ᠬᠥᠮᠦᠨ ᠪᠣᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠠᠵᠢᠯᠯᠠᠭ᠎ᠠ ᠶᠢᠨ ᠡᠴᠦᠰ ᠲᠤ᠂ ᠪᠦᠬᠦ ᠨᠠᠮ ᠤᠨ ᠭᠡᠰᠢᠭᠦᠳ ︽ᠰᠠᠬᠢᠯᠭ᠎ᠠ ᠪᠠᠲᠤ ᠶᠢ ᠰᠤᠷᠤᠯᠴᠠᠬᠤ᠂ | ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠵᠢᠷᠦᠮᠯᠡᠬᠦ︾ ᠭᠤᠣᠯ ᠰᠡᠳᠦᠪᠲᠦ | ᠶᠠᠷᠢᠯᠴᠠᠭ᠎ᠠ ᠥᠷᠨᠢᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠪᠤᠢ ᠪᠣᠯᠭᠠᠵᠤ᠂ ᠤᠯᠤᠰ ᠲᠦᠷᠦ ᠶᠢᠨ | ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ | ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠠᠬᠢᠯᠭ᠎ᠠ ᠪᠠᠲᠤ ᠶᠢ | ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠵᠢᠷᠦᠮᠯᠡᠬᠦ | ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠪᠣᠯᠤᠨ᠎ᠠ ᠭᠡᠵᠦ ᠢᠯᠡᠳᠬᠡᠵᠡᠭᠡᠪᠡ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |