ᠮᠠᠨ ᠤ ᠰᠢᠶᠠᠨ 2024 ᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠳ ᠤᠨ ᠪᠦᠬᠦᠳᠡ ᠬᠤᠷᠠᠯ ᠵᠢᠴᠢ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/10
      5 ᠰᠠᠷ᠎ᠠ ᠶᠢᠨ 8 ᠤ ᠡᠳᠦᠷ᠂ ᠮᠠᠨ ᠤ ᠰᠢᠶᠠᠨ 2024 ᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠳ ᠤᠨ ᠪᠥᠬᠦᠳᠡ ᠬᠤᠷᠠᠯ ᠵᠢᠴᠢ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠬᠤᠢ ᠵᠢᠤᠢ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ︵ᠲᠤᠰᠬᠠᠶ ᠣᠷᠣᠨ᠂ ᠵᠧᠤ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠰᠢᠯᠭᠠᠨ ᠦᠨᠡᠯᠡᠬᠦ ᠭᠦᠢᠴᠡᠳᠬᠡᠯ ᠲᠤᠭ᠎ᠠ ︵ᠪᠠᠷᠠᠭᠤᠨ ᠬᠡᠰᠡᠭ ᠤᠨ ᠭᠠᠵᠠᠷ ᠣᠷᠣᠨ︶︾ ᠳᠤ ᠲᠠᠶᠢᠯᠤᠮᠵᠢ ᠬᠢᠪᠠ᠃ ᠬᠤᠷᠠᠯ ᠠᠴᠠ ᠪᠦᠬᠦ ᠰᠢᠶᠠᠨ ᠤ 2023 ᠣᠨ ᠤ ᠦᠨᠳᠦᠰᠦᠲᠡᠨ ᠤ ᠠᠵᠢᠯ ᠪᠣᠯᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ ᠡᠷᠭᠢᠴᠡᠭᠦᠯᠦᠨ ᠳ᠋ᠦᠩᠨᠡᠵᠦ᠂ ᠬᠡᠰᠡᠭ ᠵᠢᠱᠢᠶ᠎ᠡ ᠦᠵᠡᠭᠦᠯᠬᠦ ᠨᠢᠭᠡᠴᠡ ᠠᠴᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠨᠢᠭᠡᠳᠦᠮᠡᠯ ᠹᠷᠣᠨᠲ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ ᠵᠢᠴᠢ ᠡᠯ᠎ᠡ ᠰᠢᠶᠠᠩ ᠪᠠᠯᠭᠠᠰᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠣᠷᠢᠭᠲᠠᠢ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠪᠦᠬᠦ ᠰᠢᠶᠠᠨ ᠤ ᠦᠨᠳᠦᠰᠦᠲᠡᠨ ᠤ ᠠᠵᠢᠯ ᠤᠨ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠤᠭᠰᠠᠨ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ 2024 ᠣᠨ ᠳᠤ᠂ ᠡᠭᠦᠳᠦᠨ ᠪᠠᠶᠢᠭᠤᠯᠬᠤ ᠠᠵᠢᠯ ᠤᠨ ᠲᠠᠬᠢᠨ ᠳᠡᠭᠲᠡᠷ ᠲᠤ ᠭᠠᠷᠬᠤ ᠶᠢ ᠠᠬᠢᠭᠤᠯᠵᠤ᠂ ᠲᠠᠬᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠬᠦ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠲᠤᠭᠤᠰᠢᠯᠠᠭᠤᠯᠬᠤ ᠬᠡᠷᠡᠭᠲᠡᠢ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠡᠰ ᠳᠡᠪᠰᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠳ ᠤᠨ ᠳᠦᠷᠢᠮ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠶᠢ ᠤᠯᠠᠮ ᠨᠢᠭᠡ ᠠᠯᠬᠤᠮ ᠪᠠᠷᠢᠮᠲᠠᠯᠠᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠡᠷᠡᠮᠡᠬᠡᠶᠢᠯᠡᠨ ᠤᠷᠤᠭᠰᠢᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠭᠦᠳᠦᠨ ᠪᠠᠶᠢᠭᠤᠯᠬᠤ ᠠᠵᠢᠯ ᠤᠨ ᠨᠡᠩ ᠥᠨᠳᠥᠷ ᠲᠦᠪᠰᠢᠨ ᠳᠤ ᠲᠠᠪᠰᠢᠬᠤ ᠶᠢ ᠠᠬᠢᠭᠤᠯᠵᠤ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠴᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃                                                             ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3