5 ᠰᠠᠷ᠎ᠠ ᠶᠢᠨ 8 ᠤ ᠡᠳᠦᠷ᠂ ᠮᠠᠨ ᠤ ᠰᠢᠶᠠᠨ 2024 ᠣᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠤᠨ ᠭᠡᠰᠢᠭᠦᠳ ᠤᠨ ᠪᠥᠬᠦᠳᠡ ᠬᠤᠷᠠᠯ ᠵᠢᠴᠢ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠶᠠᠩ ᠯᠢ ᠷᠦᠩ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ | ᠳᠠᠷᠤᠭ᠎ᠠ ᠵᠤᠤ ᠬᠤᠢ ᠵᠢᠤᠢ ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ︵ᠲᠤᠰᠬᠠᠶ ᠣᠷᠣᠨ᠂ | ᠵᠧᠤ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠰᠢᠯᠭᠠᠨ ᠦᠨᠡᠯᠡᠬᠦ ᠭᠦᠢᠴᠡᠳᠬᠡᠯ ᠲᠤᠭ᠎ᠠ ︵ | ᠪᠠᠷᠠᠭᠤᠨ ᠬᠡᠰᠡᠭ ᠤᠨ ᠭᠠᠵᠠᠷ ᠣᠷᠣᠨ︶︾ ᠳᠤ ᠲᠠᠶᠢᠯᠤᠮᠵᠢ ᠬᠢᠪᠠ᠃ ᠬᠤᠷᠠᠯ ᠠᠴᠠ ᠪᠦᠬᠦ ᠰᠢᠶᠠᠨ ᠤ 2023 | ᠣᠨ ᠤ ᠦᠨᠳᠦᠰᠦᠲᠡᠨ ᠤ ᠠᠵᠢᠯ ᠪᠣᠯᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠶᠢᠨ | ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ ᠡᠷᠭᠢᠴᠡᠭᠦᠯᠦᠨ ᠳ᠋ᠦᠩᠨᠡᠵᠦ᠂ ᠬᠡᠰᠡᠭ ᠵᠢᠱᠢᠶ᠎ᠡ ᠦᠵᠡᠭᠦᠯᠬᠦ | ᠨᠢᠭᠡᠴᠡ ᠠᠴᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ | ᠪᠠᠶᠢᠳᠠᠯ ᠢᠶᠠᠨ ᠬᠠᠷᠢᠭᠤ ᠮᠡᠳᠡᠭᠦᠯᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠨᠢᠭᠡᠳᠦᠮᠡᠯ ᠹᠷᠣᠨᠲ᠂ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ | ᠵᠢᠴᠢ ᠡᠯ᠎ᠡ ᠰᠢᠶᠠᠩ ᠪᠠᠯᠭᠠᠰᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ | ᠰᠢᠵᠢᠮ ᠤᠨ ᠲᠣᠭᠤᠷᠢᠨ ᠳᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠣᠷᠢᠭᠲᠠᠢ ᠪᠠᠷ ᠵᠠᠮ ᠨᠡᠭᠡᠭᠡᠨ | ᠰᠢᠨ᠎ᠡ ᠶᠢ ᠡᠭᠦᠳᠴᠦ᠂ ᠪᠦᠬᠦ ᠰᠢᠶᠠᠨ ᠤ ᠦᠨᠳᠦᠰᠦᠲᠡᠨ ᠤ ᠠᠵᠢᠯ ᠤᠨ ᠰᠢᠨ᠎ᠡ ᠰᠢᠪᠲᠤᠯᠤᠯᠲᠠ᠂ ᠰᠢᠨ᠎ᠡ ᠦᠷ᠎ᠡ | ᠪᠦᠲᠦᠮᠵᠢ ᠤᠯᠬᠤ ᠶᠢ ᠠᠬᠢᠭᠤᠯᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ | ᠦᠵᠡᠭᠦᠯᠬᠦ ᠰᠢᠶᠠᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠤᠭᠰᠠᠨ ᠬᠠᠨᠤᠮᠵᠢᠲᠠᠢ ᠬᠠᠷᠢᠭᠤᠯᠲᠠ ᠶᠢᠨ | ᠬᠠᠭᠤᠳᠠᠰᠤ ᠶᠢ ᠲᠤᠰᠢᠶᠠᠪᠠ᠃ 2024 ᠣᠨ ᠳᠤ᠂ ᠡᠭᠦᠳᠦᠨ ᠪᠠᠶᠢᠭᠤᠯᠬᠤ ᠠᠵᠢᠯ ᠤᠨ ᠲᠠᠬᠢᠨ ᠳᠡᠭᠲᠡᠷ ᠲᠤ | ᠭᠠᠷᠬᠤ ᠶᠢ ᠠᠬᠢᠭᠤᠯᠵᠤ᠂ ᠲᠠᠬᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠬᠦ | ᠬᠡᠷᠡᠭᠲᠡᠢ᠃ | ᠬᠤᠷᠠᠯ ᠠᠴᠠ ᠴᠢᠩᠭᠠᠳᠬᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ | ᠲᠤᠭᠤᠰᠢᠯᠠᠭᠤᠯᠬᠤ ᠬᠡᠷᠡᠭᠲᠡᠢ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠡᠰ | ᠳᠡᠪᠰᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠭᠡᠰᠢᠭᠦᠳ ᠤᠨ ᠳᠦᠷᠢᠮ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠶᠢ ᠤᠯᠠᠮ ᠨᠢᠭᠡ ᠠᠯᠬᠤᠮ | ᠪᠠᠷᠢᠮᠲᠠᠯᠠᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠡᠷᠡᠮᠡᠬᠡᠶᠢᠯᠡᠨ ᠤᠷᠤᠭᠰᠢᠯᠠᠵᠤ᠂ ᠨᠡᠩ ᠥᠨᠳᠥᠷ | ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠭᠦᠳᠦᠨ ᠪᠠᠶᠢᠭᠤᠯᠬᠤ ᠠᠵᠢᠯ ᠤᠨ ᠨᠡᠩ ᠥᠨᠳᠥᠷ ᠲᠦᠪᠰᠢᠨ ᠳᠤ | ᠲᠠᠪᠰᠢᠬᠤ ᠶᠢ ᠠᠬᠢᠭᠤᠯᠵᠤ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ | ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠴᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |