ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠶᠡᠷᠦᠩᠬᠡᠶ ᠡᠭᠦᠷ 2024 ᠣᠨ ᠤ ᠲᠠᠪᠤᠳᠤᠭᠠᠷ ᠤᠳᠠᠭᠠᠨ ᠤ ︽ᠭᠤᠤᠯ ᠰᠡᠳᠦᠪᠲᠦ ᠨᠠᠮ ᠤᠨ ᠡᠳᠦᠷ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/10
     2024 ᠣᠨ ᠤ 5 ᠰᠠᠷ᠎ᠠ ᠶᠢᠨ 9 ᠤ ᠡᠳᠦᠷ᠂ ᠮᠠᠨ ᠤ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠶᠡᠷᠦᠩᠬᠡᠢ ᠡᠭᠦᠷ ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠵᠢᠷᠦᠮᠯᠡᠬᠦ︾ ᠭᠡᠬᠦ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠶᠢᠨ ᠭᠤᠤᠯ ᠵᠣᠷᠢᠯᠭ᠎ᠠ ᠪᠣᠯ᠄ ᠪᠥᠬᠦ ᠲᠠᠯ᠎ᠠ ᠶᠢᠨ ᠪᠥᠬᠦ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ  ᠵᠢᠷᠦᠮᠯᠡᠬᠦ᠂ ᠰᠠᠬᠢᠯᠭ᠎ᠠ ᠪᠠᠲᠤ ᠶᠢ ᠰᠠᠬᠢᠬᠤ ᠶᠢ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠤ ᠠᠵᠢᠯᠯᠠᠭ᠎ᠠ ᠪᠣᠯᠭᠠᠬᠤ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠴᠢᠩᠭᠠᠳᠬᠠᠵᠤ᠂ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠨᠠᠷᠢᠨ ᠬᠢᠨᠠᠮᠠᠭᠠᠢ ᠰᠤᠷᠤᠯᠴᠠᠭᠤᠯᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃      ᠠᠵᠢᠯᠯᠠᠭ᠎ᠠ ᠶᠢᠨ ᠳᠤᠮᠳᠠ᠂ ᠡᠩ ᠲᠡᠷᠢᠭᠦᠨ ᠳᠤ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠡᠷᠭᠢᠴᠡᠭᠦᠯᠪᠡ︔ ᠳᠠᠷᠠᠭ᠎ᠠ ᠳᠤᠨᠢ ᠲᠣᠰ ᠲᠣᠪᠴᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠵᠢᠯ ᠳᠤ ᠰᠠᠨᠠᠭᠤᠯᠤᠮᠵᠢ ᠪᠠ ᠲᠣᠬᠢᠷᠠᠭᠤᠯᠤᠯᠲᠠ ᠬᠢᠪᠠ︔ ᠰᠠᠬᠢᠯᠭ᠎ᠠ ᠪᠠᠲᠤ ᠪᠠᠶᠢᠴᠠᠭᠠᠬᠤ ᠱᠦᠵᠢ ᠠᠴᠠ ︽︿ᠰᠢᠩ ᠾᠧ ᠰᠢᠶᠠᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠪᠠ︔ ᠬᠠᠮᠤᠭ ᠰᠡᠭᠦᠯ ᠳᠤ ᠶᠡᠷᠦᠩᠬᠡᠶ ᠡᠭᠦᠷ ᠤᠨ ᠱᠦᠵᠢ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ﹀ ᠤᠨ ᠲᠤᠬᠠᠶ ᠨᠠᠮ ᠤᠨ ᠬᠢᠴᠢᠶᠡᠯ ᠵᠢᠭᠠᠬᠤ ᠪᠠ ᠵᠠᠳᠠᠯᠤᠯᠲᠠ ᠬᠢᠬᠦ ᠶᠢᠨ ᠬᠠᠮᠲᠤ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠤᠪᠢ ᠬᠥᠮᠦᠨ ᠤ ᠥᠪᠡᠰᠦᠪᠡᠨ ᠰᠤᠷᠤᠯᠴᠠᠬᠤ ᠪᠠ ᠲᠥᠪᠯᠡᠷᠡᠭᠦᠯᠦᠨ ᠰᠤᠷᠤᠯᠴᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠦᠷᠢᠮ ᠲᠣᠭᠲᠠᠭᠠᠯ ᠢ ᠵᠤᠷᠪᠤᠰ ᠳᠠᠷᠠᠭᠠᠯᠠᠨ ᠰᠤᠷᠤᠯᠴᠠᠵᠤ᠂ ᠰᠤᠷᠤᠯᠴᠠᠬᠤ ᠭᠤᠤᠯᠳᠠᠯᠭ᠎ᠠ ᠶᠢ ᠲᠣᠪᠤᠶᠢᠮ᠎ᠠ ᠰᠠᠶᠢᠲᠤᠷ ᠠᠳᠬᠤᠵᠤ᠂ ᠦᠨᠡᠨ ᠬᠦ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠮᠡᠷᠭᠡᠨ ᠬᠥᠮᠦᠨ ᠪᠣᠯᠬᠤ ᠬᠡᠷᠡᠭᠲᠡᠶ ᠭᠡᠵᠦ ᠴᠢᠬᠤᠯᠠᠴᠢᠯᠠᠪᠠ᠃      ᠠᠵᠢᠯᠯᠠᠭ᠎ᠠ ᠶᠢᠨ ᠡᠴᠦᠰ ᠲᠤ᠂ ᠪᠦᠬᠦ ᠨᠠᠮ ᠤᠨ ᠭᠡᠰᠢᠭᠦᠳ ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ  ᠵᠢᠷᠦᠮᠯᠡᠬᠦ︾ ᠭᠤᠣᠯ ᠰᠡᠳᠦᠪᠲᠦ ᠶᠠᠷᠢᠯᠴᠠᠭ᠎ᠠ ᠥᠷᠨᠢᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠪᠤᠢ ᠪᠣᠯᠭᠠᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ  ᠵᠢᠷᠦᠮᠯᠡᠬᠦ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠪᠣᠯᠤᠨ᠎ᠠ ᠭᠡᠵᠦ ᠢᠯᠡᠳᠬᠡᠵᠡᠭᠡᠪᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3