ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠢᠷᠠᠭᠤᠯᠤᠯᠳᠠ ᠶᠢ | ᠦᠨᠳᠦᠰᠦᠯᠡᠨ᠂ ᠨᠠᠮ ᠤᠨ ᠭᠡᠰᠢᠭᠦᠨ ᠺᠠᠳ᠋ᠷᠴᠤᠳ ᠢ ᠬᠠᠪᠰᠤᠷᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠭᠤᠯᠵᠤ᠂ ᠰᠠᠬᠢᠯᠭ᠎ᠠ | ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ | ᠰᠠᠬᠢᠬᠤ ᠶᠢ ᠦᠨᠡᠨ ᠬᠦ ᠪᠡᠶᠡᠯᠡᠭᠦᠯᠬᠦ ᠶᠢᠨ ᠲᠥᠯᠥᠭᠡ᠂ 5 ᠰᠠᠷ᠎ᠠ ᠶᠢᠨ 10 ᠤ ᠡᠳᠦᠷ᠂ ᠲᠣᠪᠴᠢᠶᠠᠨ ᠤ ᠨᠠᠮ ᠤᠨ | ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃ | ᠬᠤᠷᠠᠯ ᠠᠴᠠ ᠱᠠᠭᠠᠷᠳᠠᠭᠰᠠᠨ ᠨᠢ ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠬᠡᠷᠡᠭᠲᠡᠢ᠂ ᠡᠨᠡ ᠤᠳᠠᠭ᠎ᠠ ᠶᠢᠨ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ | ᠬᠡᠮᠵᠢᠶ᠎ᠡ ᠪᠣᠯᠤᠨ᠎ᠠ᠃ ᠪᠦᠬᠦ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠪᠣᠯᠤᠨ ᠴᠢᠬᠤᠯᠠ ᠠᠴᠢ | ᠬᠤᠯᠪᠣᠭᠳᠠᠯ ᠢ ᠣᠨᠣᠪᠴᠢᠲᠠᠢ ᠤᠢᠢᠯᠠᠭᠠᠨ ᠤᠨᠢᠨ ᠳᠡᠭᠡᠷ᠎ᠡ ᠨᠢ ᠡᠵᠡᠮᠳᠡᠵᠦ᠂ ᠨᠠᠮ ᠤᠨ ᠲᠣᠭᠲᠠᠭᠠᠯ ᠨᠠᠮ ᠤᠨ | ᠰᠠᠬᠢᠯᠭ᠎ᠠ ᠪᠠᠲᠤ ᠶᠢᠨ ᠲᠤᠬᠠᠢ ᠲᠠᠨᠢᠯᠲᠠ ᠪᠣᠯᠤᠨ ᠡᠵᠡᠮᠳᠡᠯ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠮ ᠤᠨ | ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠠᠭᠤᠯᠤᠭᠳᠠᠬᠤᠨ ᠪᠣᠯᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ | ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ | ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢ ᠭᠦᠨᠵᠡᠭᠡᠶ ᠰᠤᠷᠤᠯᠴᠠᠬᠤ ᠪᠠ | ᠵᠢᠷᠤᠮᠯᠠᠬᠤ ᠪᠠᠷ ᠳᠠᠮᠵᠢᠭᠤᠯᠤᠨ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ | ᠳᠣᠲᠣᠭᠠᠳᠤ ᠰᠡᠳᠬᠢᠯ ᠠᠴᠠ ᠪᠠᠨ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ | ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠤᠬᠠᠮᠰᠠᠷ ᠠᠴᠠ ᠪᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠤᠭ ᠰᠠᠨᠠᠭ᠎ᠠ ᠪᠠᠨ | ᠪᠠᠷᠢᠮᠲᠠᠯᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |