ᠰᠢᠩ ᠾᠧ ᠰᠢᠶᠠᠨ ᠤ 2024 ᠣᠨ ᠤ ︽ᠰᠢᠨ᠎ᠡ ᠠᠶᠠᠨ ᠵᠠᠮ ᠢᠶᠠᠨ ᠴᠤᠤᠷᠢᠶᠠᠲᠤᠭᠤᠯᠬᠤ︾ ᠤᠨᠤᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/5/11
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠳᠤ ᠦᠵᠡᠯ ᠰᠠᠨᠠᠭ᠎ᠠ ᠪᠠᠨ ᠨᠢᠭᠡᠳᠬᠡᠬᠦ᠂ ᠬᠦᠴᠦᠨ ᠴᠢᠳᠠᠯ ᠢᠶᠠᠨ ᠨᠢᠭᠲᠠᠷᠠᠭᠤᠯᠬᠤ᠂ ᠲᠡᠮᠡᠴᠡᠯ ᠤᠨ ᠵᠣᠷᠢᠭ ᠢᠶᠠᠨ ᠬᠥᠪᠴᠢᠯᠡᠬᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢᠨ ᠲᠥᠯᠥᠭᠡ᠂ 5 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠠᠴᠠ ᠳᠠᠭᠠᠭᠠᠴᠢᠯᠠᠨ ᠡᠷᠬᠢᠯᠡᠭᠰᠡᠨ ᠰᠢᠩ ᠾᠧ ᠰᠢᠶᠠᠨ ᠤ 2024 ᠣᠨ ᠤ ︽ᠰᠢᠨ᠎ᠡ ᠠᠶᠠᠨ ᠵᠠᠮ ᠢᠶᠠᠨ ᠴᠤᠤᠷᠢᠶᠠᠲᠤᠭᠤᠯᠬᠤ︾ ᠤᠨᠤᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠤ ᠠᠩᠬᠠᠨ ᠤ ᠤᠷᠤᠯᠳᠤᠭᠠᠨ ᠵᠢᠩᠬᠢᠨᠢ ᠪᠠᠷ ᠶᠠᠪᠤᠭᠳᠠᠪᠠ᠃      ᠠᠩᠬᠠᠨ ᠤ ᠤᠷᠤᠯᠳᠤᠭᠠᠨ ᠤ ᠲᠤᠬᠠᠶ ᠶᠢᠨ ᠲᠠᠯᠠᠪᠠᠶ ᠳᠤ᠂ ᠤᠷᠤᠯᠳᠤᠭᠠᠨ ᠳᠤ ᠣᠷᠣᠯᠴᠠᠭᠰᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ︾ ᠶᠢᠨ ᠶᠡᠷᠦᠩᠬᠡᠶᠢᠯᠡᠭᠰᠡᠨ ᠰᠡᠷᠭᠡᠶᠢᠯᠡᠨ ᠵᠠᠰᠠᠯᠲᠠ ᠶᠢ ᠴᠢᠩᠭᠠᠳᠬᠠᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠵᠡᠷᠭᠡ ᠭᠤᠤᠯ ᠰᠡᠳᠦᠪ ᠤᠨ ᠲᠣᠭᠤᠷᠢᠨ ᠳᠤ᠂ ᠠᠵᠢᠯ ᠤᠨ ᠪᠣᠳᠠᠲᠤ ᠪᠠᠶᠢᠳᠠᠯ ᠪᠣᠯᠤᠨ ᠲᠣᠰ ᠪᠡᠶ᠎ᠡ ᠶᠢᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠵᠢᠷᠤᠭ ᠪᠢᠴᠢᠭ᠂ ᠲᠠᠭᠤ ᠳᠦᠷᠰᠦ ᠰᠢᠩᠭᠡᠭᠡᠯᠲᠡ ᠵᠡᠷᠭᠡ ᠠᠴᠢᠶᠠᠯᠠᠪᠤᠷᠢ ᠶᠢ ᠠᠰᠢᠭᠯᠠᠨ᠂ ᠠᠳᠠᠯᠢ ᠪᠤᠰᠤ ᠬᠠᠷᠠᠭᠠᠰᠤ ᠠᠴᠠ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠶᠠᠷᠢᠵᠤ᠂ ᠲᠡᠮᠡᠴᠡᠯ ᠤᠨ ᠡᠭᠦᠷᠭᠡᠯᠡᠯ ᠢᠶᠠᠨ ᠢᠯᠡᠷᠡᠭᠦᠯᠵᠦ᠂ ᠵᠢᠵᠢᠭ ᠦᠯᠢᠭᠡᠷ ᠢᠶᠠᠷ ᠶᠡᠭᠡ ᠬᠠᠶᠢᠷ᠎ᠠ ᠰᠡᠳᠬᠢᠯᠭᠡ ᠶᠢ ᠲᠠᠶᠢᠯᠪᠤᠷᠢᠯᠠᠵᠤ᠂ ᠵᠢᠵᠢᠭ ᠦᠯᠢᠭᠡᠷ ᠢᠶᠠᠷ ᠶᠡᠭᠡ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠵᠢᠵᠢᠭ ᠦᠯᠢᠭᠡᠷ ᠢᠶᠠᠷ ᠲᠣᠮᠣ ᠶᠣᠰᠣ ᠶᠢ ᠢᠯᠡᠷᠡᠭᠦᠯᠵᠦ᠂ ᠤᠬᠠᠭᠤᠯᠤᠨ ᠲᠠᠶᠢᠯᠪᠤᠷᠢᠯᠠᠬᠤ ᠨᠢ ᠣᠯᠠᠨ ᠲᠦᠮᠡᠨ ᠲᠠᠢ ᠣᠶᠢᠷᠠᠲᠤᠭᠰᠠᠨ ᠪᠥᠭᠡᠳ ᠬᠥᠮᠦᠰ ᠤᠨ ᠰᠡᠳᠬᠢᠯ ᠳᠤ ᠬᠠᠳᠠᠩᠰᠢᠵᠤ᠂ ᠲᠤᠬᠠᠶ ᠶᠢᠨ ᠲᠠᠯᠠᠪᠤᠷ ᠲᠤ ᠨᠢᠵᠢᠭᠢᠨᠡᠲᠡᠯ᠎ᠡ ᠠᠯᠠᠭ᠎ᠠ ᠲᠠᠰᠢᠯᠳᠠ ᠶᠢ ᠤᠯᠪᠠ᠃       ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠳᠤ᠂ ᠪᠥᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠨᠡᠶᠢᠲᠡ 26 ᠲᠠᠮᠢᠷᠴᠢᠨ ᠠᠳᠠᠯᠢ ᠲᠠᠯᠠᠪᠤᠷ ᠲᠤ ᠤᠷᠤᠯᠳᠤᠵᠤ᠂ ᠲᠤᠬᠠᠶ ᠶᠢᠨ ᠲᠠᠯᠠᠪᠤᠷ ᠤᠨ ᠰᠢᠯᠭᠠᠷᠠᠭᠤᠯᠬᠤ ᠺᠣᠮᠢᠰ ᠤᠨ ᠭᠡᠰᠢᠭᠦᠳ ᠲᠠᠮᠢᠷᠴᠢᠳ ᠤᠨ ᠶᠠᠷᠢᠶ᠎ᠠ ᠢᠯᠡᠳᠬᠡᠯ ᠤᠨ ᠠᠭᠤᠯᠭ᠎ᠠ᠂ ᠶᠠᠷᠢᠶ᠎ᠠ ᠢᠯᠡᠳᠬᠡᠯ ᠤᠨ ᠴᠠᠭ᠂ ᠶᠡᠷᠦᠩᠬᠡᠶᠢᠯᠡᠭᠰᠡᠨ ᠰᠠᠭᠤᠭᠳᠠᠯ ᠤᠨ ᠲᠠᠯ᠎ᠠ ᠪᠠᠷ ᠶᠡᠷᠦᠩᠬᠡᠶ ᠬᠤᠪᠢ ᠥᠭᠴᠦ᠂ ᠨᠡᠶᠢᠲᠡ 15 ᠲᠠᠮᠢᠷᠴᠢᠨ ᠢ ᠰᠢᠯᠭᠠᠷᠠᠭᠤᠯᠵᠤ ᠰᠢᠶ᠋ᠳᠪᠦᠷᠢᠲᠦ ᠤᠷᠤᠯᠳᠤᠭᠠᠨ ᠳᠤ ᠣᠷᠣᠭᠤᠯᠪᠠ᠃ ᠰᠢᠩ ᠡᡁᠧ ᠰᠢᠶᠠᠨ ᠤ 2024 ᠣᠨ ᠤ ︽ᠰᠢᠨ᠎ᠡ ᠠᠶᠠᠨ ᠵᠠᠮ ᠢᠶᠠᠨ ᠴᠤᠤᠷᠢᠶᠠᠲᠤᠭᠤᠯᠬᠤ︾ ᠤᠨᠤᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ 5 ᠰᠠᠷ᠎ᠠ ᠶᠢᠨ ᠳᠤᠮᠳᠠᠴᠢ ᠪᠠᠷ ᠶᠠᠪᠤᠭᠳᠠᠬᠤ ᠪᠥᠭᠡᠳ ᠰᠢᠢᠳᠪᠦᠷᠢᠲᠦ ᠤᠷᠤᠯᠳᠤᠭᠠᠨ ᠤ ᠱᠠᠩᠨᠠᠯ ᠬᠦᠷᠳᠡᠭᠰᠡᠳ ᠤᠨ ᠳᠤᠮᠳᠠ ᠠᠴᠠ ᠰᠢᠯᠢᠳᠡᠭ ᠢ ᠨᠢ ᠰᠣᠩᠭᠤᠵᠤ ᠤᠯᠠᠭᠠᠨᠴᠠᠪ ᠬᠤᠳᠠ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠳᠤ ᠣᠷᠣᠯᠴᠠᠭᠤᠯᠬᠤ ᠪᠣᠯᠤᠨ᠎ᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3