ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/5/11
      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠢᠷᠠᠭᠤᠯᠤᠯᠳᠠ ᠶᠢ ᠦᠨᠳᠦᠰᠦᠯᠡᠨ᠂ ᠨᠠᠮ ᠤᠨ ᠭᠡᠰᠢᠭᠦᠨ ᠺᠠᠳ᠋ᠷᠴᠤᠳ ᠢ ᠬᠠᠪᠰᠤᠷᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠬᠦ ᠶᠢᠨ ᠲᠥᠯᠥᠭᠡ᠂ 5 ᠰᠠᠷ᠎ᠠ ᠶᠢᠨ 10 ᠤ ᠡᠳᠦᠷ᠂ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃      ᠬᠤᠷᠠᠯ ᠠᠴᠠ ᠱᠠᠭᠠᠷᠳᠠᠭᠰᠠᠨ ᠨᠢ  ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠬᠡᠷᠡᠭᠲᠡᠢ᠂ ᠡᠨᠡ ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠦᠬᠦ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠪᠣᠯᠤᠨ ᠴᠢᠬᠤᠯᠠ ᠠᠴᠢ ᠬᠤᠯᠪᠣᠭᠳᠠᠯ ᠢ ᠣᠨᠣᠪᠴᠢᠲᠠᠢ ᠤᠢᠢᠯᠠᠭᠠᠨ ᠤᠨᠢᠨ ᠳᠡᠭᠡᠷ᠎ᠡ ᠨᠢ ᠡᠵᠡᠮᠳᠡᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠲᠤᠬᠠᠢ ᠲᠠᠨᠢᠯᠲᠠ ᠪᠣᠯᠤᠨ ᠡᠵᠡᠮᠳᠡᠯ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠠᠭᠤᠯᠤᠭᠳᠠᠬᠤᠨ ᠪᠣᠯᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢ ᠭᠦᠨᠵᠡᠭᠡᠶ ᠰᠤᠷᠤᠯᠴᠠᠬᠤ ᠪᠠ ᠵᠢᠷᠤᠮᠯᠠᠬᠤ ᠪᠠᠷ ᠳᠠᠮᠵᠢᠭᠤᠯᠤᠨ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠳᠣᠲᠣᠭᠠᠳᠤ ᠰᠡᠳᠬᠢᠯ ᠠᠴᠠ ᠪᠠᠨ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠤᠭ ᠰᠠᠨᠠᠭ᠎ᠠ ᠪᠠᠨ ᠪᠠᠷᠢᠮᠲᠠᠯᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3