ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠤᠯᠠᠮ | ᠨᠢᠭᠡ ᠠᠯᠬᠤᠮ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠠᠵᠢᠯ ᠤᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 12 ᠤᠨ ᠡᠳᠦᠷ᠂ ᠰᠢᠩ ᠾᠧ ᠰᠢᠶᠠᠨ | ᠰᠢᠨ᠎ᠡ ᠱᠢ ᠵᠢᠢ ᠠᠭᠤᠳᠠᠮ ᠲᠠᠯᠠᠪᠠᠢ ᠳᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ | ᠪᠠᠴᠢᠮ ᠪᠠᠶᠢᠳᠠᠯ ᠢ ᠠᠷᠭᠠᠴᠠᠬᠤ - ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ︾ ᠭᠤᠣᠯ ᠰᠡᠳᠦᠪ ᠢᠶᠠᠷ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠵᠡᠢ᠃ | ᠬᠦᠳᠡᠯᠭᠡᠭᠡᠨ ᠤ ᠲᠤᠬᠠᠢ ᠶᠢᠨ ᠲᠠᠯᠠᠪᠠᠢ ᠳᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ | ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠵᠡᠢ᠃ ᠡᠭᠦᠨ ᠤ ᠬᠠᠮᠲᠤ᠂ ᠲᠤᠬᠠᠶ ᠶᠢᠨ ᠲᠠᠯᠠᠪᠤᠷ ᠲᠤ ᠪᠠᠰᠠ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠠ ᠲᠦᠷᠭᠡᠨ | ᠠᠪᠤᠷᠠᠬᠤ ᠠᠷᠭ᠎ᠠ ᠶᠢ ᠵᠢᠭᠠᠵᠤ᠂ ᠲᠦᠷᠭᠡᠨ ᠠᠪᠤᠷᠠᠬᠤ ᠤᠷ᠎ᠠ ᠴᠢᠳᠠᠪᠤᠷᠢ ᠶᠢ ᠨᠠᠩ ᠰᠠᠶᠢᠲᠤᠷ ᠡᠵᠡᠮᠰᠢᠬᠦ ᠶᠢᠨ | ᠲᠥᠯᠥᠭᠡ ᠶᠤᠮ᠃ | ᠬᠦᠳᠡᠯᠭᠡᠭᠡᠨ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ | ᠠᠷᠭᠠᠴᠠᠭᠠᠵᠤ ᠴᠢᠳᠠᠨ᠎ᠠ - ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ | ᠬᠦᠴᠦᠯᠡᠨ ᠳᠡᠭᠡᠭᠰᠢᠯᠡᠭᠦᠯᠬᠦ︾ ᠭᠤᠤᠯ ᠰᠡᠳᠦᠪ ᠤᠨ ᠲᠣᠭᠤᠷᠢᠨ ᠳᠤ᠂ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠬᠥᠮᠦᠵᠢᠯ ᠤᠨ ᠡᠯ᠎ᠡ ᠵᠦᠶ᠋ᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠨᠡᠶᠢᠭᠡᠮ ᠳᠠᠶᠠᠭᠠᠷ ᠲᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠤᠨ | ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠠᠬᠢ ᠪᠣᠶ ᠪᠣᠯᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ᠂ ᠪᠥᠬᠦ ᠠᠷᠠᠳ ᠤᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠤᠨ ᠬᠡᠪ | ᠪᠣᠯᠪᠠᠰᠤᠷᠠᠯ ᠢ ᠴᠢᠩᠭᠠᠳᠬᠠᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠲᠤᠯᠠᠬᠤ ᠶᠢ ᠠᠬᠢᠭᠤᠯᠵᠤ᠂ ᠥᠷᠭᠡᠨ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |