ᠰᠢᠩ ᠾᠧ ᠰᠢᠶᠠᠨ 2024 ᠣᠨ ᠤ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/5/13
     ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 12 ᠤᠨ ᠡᠳᠦᠷ᠂ ᠰᠢᠩ ᠾᠧ ᠰᠢᠶᠠᠨ ᠰᠢᠨ᠎ᠡ ᠱᠢ ᠵᠢᠢ ᠠᠭᠤᠳᠠᠮ ᠲᠠᠯᠠᠪᠠᠢ ᠳᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ - ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ︾ ᠭᠤᠣᠯ ᠰᠡᠳᠦᠪ ᠢᠶᠠᠷ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠵᠡᠢ᠃      ᠬᠦᠳᠡᠯᠭᠡᠭᠡᠨ ᠤ ᠲᠤᠬᠠᠢ ᠶᠢᠨ ᠲᠠᠯᠠᠪᠠᠢ ᠳᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠵᠡᠢ᠃ ᠡᠭᠦᠨ ᠤ ᠬᠠᠮᠲᠤ᠂ ᠲᠤᠬᠠᠶ ᠶᠢᠨ ᠲᠠᠯᠠᠪᠤᠷ ᠲᠤ ᠪᠠᠰᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠠ ᠲᠦᠷᠭᠡᠨ ᠠᠪᠤᠷᠠᠬᠤ ᠠᠷᠭ᠎ᠠ ᠶᠢ ᠵᠢᠭᠠᠵᠤ᠂ ᠲᠦᠷᠭᠡᠨ ᠠᠪᠤᠷᠠᠬᠤ ᠤᠷ᠎ᠠ ᠴᠢᠳᠠᠪᠤᠷᠢ ᠶᠢ ᠨᠠᠩ ᠰᠠᠶᠢᠲᠤᠷ ᠡᠵᠡᠮᠰᠢᠬᠦ ᠶᠢᠨ ᠲᠥᠯᠥᠭᠡ ᠶᠤᠮ᠃      ᠬᠦᠳᠡᠯᠭᠡᠭᠡᠨ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠨ᠎ᠠ - ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ︾ ᠭᠤᠤᠯ ᠰᠡᠳᠦᠪ ᠤᠨ ᠲᠣᠭᠤᠷᠢᠨ ᠳᠤ᠂ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠬᠥᠮᠦᠵᠢᠯ ᠤᠨ ᠡᠯ᠎ᠡ ᠵᠦᠶ᠋ᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠳᠠᠶᠠᠭᠠᠷ ᠲᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠠᠬᠢ ᠪᠣᠶ ᠪᠣᠯᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠠᠷᠠᠳ ᠤᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠤᠨ ᠬᠡᠪ ᠪᠣᠯᠪᠠᠰᠤᠷᠠᠯ ᠢ ᠴᠢᠩᠭᠠᠳᠬᠠᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠶᠢ ᠠᠬᠢᠭᠤᠯᠵᠤ᠂ ᠥᠷᠭᠡᠨ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3