ᠰᠢᠩ ᠾᠧ ᠰᠢᠶᠠᠨ᠄ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠠᠷᠠᠳ ᠲᠦᠮᠡᠨ ᠳᠤ ᠥᠴᠦᠬᠡᠨ ᠴᠦ ᠦᠢᠯᠡᠴᠢᠯᠡᠨ᠎ᠡ
ᠨᠡᠶᠢᠲᠡᠯᠡᠭᠰᠡᠨ ᠴᠠᠭ᠄
2024/5/14
     ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠦᠨᠳᠦᠰᠦᠲᠡᠨ ᠤ ᠪᠦᠯᠬᠦᠮᠳᠡᠯ ᠰᠢᠶᠠᠩ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ︽ᠨᠠᠮ ᠤᠨ ᠵᠣᠬᠢᠶᠠᠨ ᠪᠠᠶᠢᠭᠤᠯᠤᠯᠲᠠ ᠶᠢ ᠡᠭᠦᠷᠭᠡᠯᠡᠬᠦ︾᠂ ︽ᠳᠣᠷᠣᠭᠰᠢ ᠨᠠᠮ ᠤᠨ ᠭᠡᠰᠢᠭᠦᠨ ᠤᠯᠠᠨ ᠲᠦᠮᠡᠨ ᠢ ᠵᠣᠯᠭᠠᠭᠤᠯᠬᠤ︾ ᠬᠥᠭᠦᠷᠭᠡ ᠬᠤᠯᠪᠣᠭᠠᠰᠤ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠠᠷᠠᠳ ᠤᠯᠠᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ ᠳᠡᠶᠢᠯᠬᠦ ᠪᠣᠯᠭᠠᠪᠠ᠃      ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠢᠭᠰᠠᠭᠠᠯ ᠤᠨ ᠭᠠᠵᠠᠷ ᠢ ᠬᠦᠴᠦᠷᠬᠡᠭᠵᠢᠭᠦᠯᠦᠨ ᠣᠯᠠᠨ ᠲᠦᠮᠡᠨ ᠢ ︽ᠬᠡᠯᠡᠬᠦ ᠭᠠᠵᠠᠷ︾᠎ ᠲᠠᠢ ᠪᠣᠯᠭᠠᠨ᠎ᠠ      ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠪᠠᠶᠢᠭᠤᠯᠤᠭᠳᠠᠭᠰᠠᠨ ᠠᠴᠠ ᠨᠠᠰᠢ᠂ ᠦᠨᠳᠦᠰᠦᠲᠡᠨ ᠤ ᠪᠦᠯᠬᠦᠮᠳᠡᠯ ᠰᠢᠶᠠᠩ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠦᠨᠳᠦᠰᠦᠯᠡᠯ ᠲᠠᠢ᠂ ᠠᠵᠢᠯ ᠬᠢᠬᠦ ᠳᠤ ᠲᠠᠪᠴᠠᠩ ᠲᠠᠢ᠂ ᠦᠢᠯᠡᠳᠦᠯ ᠢ ᠨᠢ ᠦᠨᠡᠯᠡᠬᠦ ᠶᠢ ᠪᠡᠶᠡᠯᠡᠭᠦᠯᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠲᠤᠰᠢᠶᠠᠯ ᠤᠨ ᠬᠤᠭᠤᠴᠠᠭᠠᠨ ᠤ ᠲᠤᠰᠢᠶᠠᠯ ᠬᠠᠷᠢᠭᠤᠴᠠᠯᠭ᠎ᠠ ᠪᠠᠨ ᠭᠦᠨᠵᠡᠭᠡᠢ ᠪᠣᠳᠠᠲᠠᠶᠢᠵᠢᠭᠤᠯᠬᠤ ᠶᠢ ᠠᠬᠢᠭᠤᠯᠪᠠ᠃ ᠰᠢᠶᠠᠩ ᠤᠨ ᠨᠠᠮ ᠤᠨ ᠬᠤᠷᠢᠶᠠᠨ ᠤ ᠱᠦᠵᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠪᠡᠶ᠎ᠡ ᠪᠠᠷ ᠢᠶᠠᠨ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠠᠳᠬᠤᠨ᠎ᠠ︔ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠬᠤᠯᠪᠣᠭ᠎ᠠ ᠠᠪᠬᠤ ᠲᠠᠰᠤᠭ ᠤᠨ ᠡᠷᠬᠢᠯᠡᠭᠴᠢ᠂ ᠨᠠᠮ ᠤᠨ ᠬᠤᠷᠢᠶᠠᠨ ᠤ ᠳᠡᠳ᠋ ᠱᠦᠵᠢ᠂ ᠭᠡᠰᠢᠭᠦᠨ ᠢ ᠵᠣᠬᠢᠶᠠᠨ ᠪᠠᠶᠢᠭᠤᠯᠵᠤ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠯᠪᠣᠭ᠎ᠠ ᠠᠪᠬᠤ ᠦᠷᠳᠡᠭᠡ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠪᠦᠬᠦᠯᠢ ᠴᠣᠭᠴᠠ ᠶᠢᠨ ᠠᠵᠢᠯ ᠢ ᠠᠬᠢᠭᠤᠯᠬᠤ ᠶᠢ ᠬᠠᠷᠢᠭᠤᠴᠠᠨ᠎ᠠ᠃      ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ ᠦᠨᠳᠦᠰᠦᠲᠡᠨ ᠤ ᠪᠦᠯᠬᠦᠮᠳᠡᠯ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠪᠦᠬᠦ ᠰᠢᠶᠠᠩ ᠤᠨ 22 ᠲᠣᠰᠬᠤᠨ ᠳᠤ ᠴᠥᠮ ᠰᠠᠨᠠᠯ ᠤᠨ ᠬᠠᠶᠢᠷᠴᠠᠭ ᠭᠠᠷᠭᠠᠭᠰᠠᠨ ᠪᠥᠭᠡᠳ ᠦᠷᠳᠡᠭᠡ ᠳᠤ ᠰᠠᠭᠤᠭ᠎ᠠ ᠬᠥᠮᠦᠰ ᠤᠨ ᠬᠤᠯᠪᠣᠭ᠎ᠠ ᠠᠪᠬᠤ ᠺᠠᠷᠲ᠂ ᠲᠥᠯᠥᠭᠡᠯᠡᠭᠴᠢ ᠶᠢᠨ ᠦᠨᠡᠮᠯᠡᠯ ᠵᠡᠷᠭᠡ ᠶᠢ ᠠᠰᠢᠭᠯᠠᠨ ᠲᠥᠯᠥᠭᠡᠯᠡᠭᠴᠢ ᠭᠡᠰᠢᠭᠦᠳ ᠤᠨ ᠬᠤᠯᠪᠣᠭ᠎ᠠ ᠠᠪᠬᠤ ᠮᠡᠳᠡᠭᠡ ᠵᠠᠩᠭᠢ ᠶᠢ ᠪᠦᠬᠦ ᠰᠢᠶᠠᠩ ᠤᠨ ᠬᠡᠪᠴᠢᠶᠡᠨ ᠳᠤ ᠢᠯᠡ ᠪᠠᠷ ᠨᠡᠶᠢᠲᠡᠯᠡᠵᠦ᠂ ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠵᠤ᠂ ᠲᠥᠯᠥᠭᠡᠯᠡᠭᠴᠢ ᠭᠡᠰᠢᠭᠦᠳ ᠡᠭᠡᠯᠵᠢᠯᠡᠨ ᠥᠷᠲᠡᠭᠡᠨ ᠳᠤ ᠰᠠᠭᠤᠵᠤ ᠵᠢᠵᠢᠭᠦᠷᠯᠡᠵᠦ᠂ ᠭᠤᠣᠯᠳᠠᠭᠤ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠬᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ᠂ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ᠂ ᠨᠠᠮ ᠤᠨ ᠡᠯ᠎ᠡ ᠵᠦᠢᠯ ᠤᠨ ᠠᠵᠢᠯ᠂ ᠲᠦᠷᠦ ᠶᠢᠨ ᠪᠤᠳᠤᠯᠭ᠎ᠠ ᠶᠢ ᠤᠬᠠᠭᠤᠯᠬᠤ ᠵᠡᠷᠭᠡ ᠶᠢ ᠬᠠᠷᠢᠭᠤᠴᠠᠨ᠎ᠠ᠃ ᠰᠢᠶᠠᠩ ᠤᠨ ᠬᠤᠯᠪᠣᠭ᠎ᠠ ᠠᠪᠬᠤ ᠲᠠᠰᠤᠭ ᠪᠠᠶᠢᠭᠤᠯᠤᠭᠳᠠᠭᠰᠠᠨ ᠠᠴᠠ ᠨᠠᠰᠢ᠂ ᠨᠢᠭᠡᠨᠲᠡ 160 ᠭᠠᠷᠤᠶ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ᠃      ᠪᠦᠬᠦ ᠰᠡᠳᠬᠢᠯ ᠢᠶᠠᠷ ᠢᠶᠠᠨ ᠣᠷᠤᠭᠤᠯᠤᠨ ᠦᠢᠯᠡᠴᠢᠯᠡᠭᠡ ᠪᠠᠨ ᠳᠡᠭᠡᠭᠰᠢᠯᠡᠭᠦᠯᠵᠦ ᠣᠯᠠᠨ ᠲᠦᠮᠡᠨ ᠢ ︽ᠬᠦᠴᠢᠷ ᠲᠦᠪᠡᠭᠲᠡᠢ ᠬᠦᠮᠦᠨ ᠢ ᠬᠠᠪᠰᠤᠷᠬᠤ︾ ᠬᠡᠷᠡᠭᠲᠡᠢ      ᠳ᠋ᠠ ᠡᠦ ᠬᠤᠤ ᠲᠣᠰᠬᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠥᠷᠲᠡᠭᠡ ᠪᠠᠶᠢᠭᠤᠯᠤᠭᠰᠠᠨ ᠠᠴᠠ ᠨᠠᠰᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠨᠠᠮ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠪᠥᠬᠦ ᠲᠣᠰᠬᠤᠨ ᠤ ᠲᠤᠯᠭᠠᠭᠤᠷᠢ ᠠᠵᠤ ᠦᠢᠯᠡᠰ ᠤᠨ ᠬᠥᠭᠵᠢᠯᠲᠡ ᠳᠤ ᠪᠠᠯᠠ ᠮᠥᠩᠭᠦ ᠶᠢᠨ ᠬᠡᠯᠬᠢᠶ᠎ᠡ ᠳᠠᠯᠳᠠ ᠳᠤᠲᠠᠭᠤᠳᠠᠯ ᠣᠷᠣᠰᠢᠵᠤ ᠪᠠᠶᠢᠬᠤ ᠠᠰᠠᠭᠤᠳᠠᠯ ᠣᠷᠣᠰᠢᠵᠤ ᠪᠠᠶᠢᠬᠤ ᠶᠢ ᠮᠡᠳᠡᠭᠰᠡᠨ ᠤ ᠳᠠᠷᠠᠭ᠎ᠠ᠂ ᠰᠢᠩ ᠾᠧ ᠰᠢᠶᠠᠨ ᠤ ᠲᠠᠷᠢᠶᠠᠯᠠᠩ ᠤᠨ ᠪᠠᠩᠬᠢ ᠲᠠᠢ ᠢᠳᠡᠪᠬᠢᠲᠡᠶ ᠪᠠᠷ ᠵᠣᠯᠭᠠᠭᠤᠯᠵᠤ᠂ ᠰᠢᠶᠠᠨ ᠤ ᠲᠠᠷᠢᠶᠠᠯᠠᠩ ᠤᠨ ᠪᠠᠩᠬᠢ ᠶᠢᠨ ᠲᠠᠷᠢᠶᠠᠯᠠᠩ ᠢ ᠲᠤᠰᠠᠯᠠᠬᠤ ᠲᠤᠰᠬᠠᠶ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠷᠢᠨ ᠣᠶᠢᠯᠠᠭᠠᠵᠤ᠂ ᠪᠥᠬᠦ ᠲᠣᠰᠬᠤᠨ ᠤ 11 ᠠᠶᠢᠯ ᠲᠣᠰᠬᠤᠨ ᠤ 87 ᠡᠷᠦᠬᠡ ᠪᠠᠯᠠ ᠮᠥᠩᠭᠦ ᠶᠢᠨ ᠬᠡᠷᠡᠭᠴᠡᠭᠡ ᠲᠠᠢ ᠲᠠᠷᠢᠶᠠᠴᠢᠨ ᠡᠷᠦᠬᠡ ᠶᠢ ᠳᠡᠩᠰᠡᠯᠡᠨ ᠲᠡᠮᠳᠡᠭᠯᠡᠬᠦ ᠶᠢᠨ ᠬᠠᠮᠲᠤ ᠴᠠᠭ ᠲᠤᠬᠠᠶ ᠳᠤᠨᠢ ᠳᠡᠭᠡᠳᠦ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠷᠢᠯᠴᠠᠵᠤ ᠲᠤᠰᠬᠠᠵᠤ᠂ ᠡᠴᠦᠰ ᠲᠡᠭᠡᠨ ᠲᠣᠰᠬᠤᠨ ᠤ ᠠᠷᠠᠳ ᠤᠨ ᠵᠥᠪᠯᠡᠯ ᠠᠴᠠ ᠰᠢᠶᠠᠨ ᠤ ᠲᠠᠷᠢᠶᠠᠯᠠᠩ ᠤᠨ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠬᠠᠮᠲᠤᠷᠠᠨ᠂ ᠲᠣᠰᠬᠤᠨ ᠤ ᠳᠣᠲᠣᠷ᠎ᠠ ᠬᠡᠷᠡᠭᠴᠡᠭᠡ ᠲᠠᠢ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠪᠠ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠳᠤ ᠵᠢᠭᠡᠯᠡᠯᠭᠡ ᠶᠢᠨ  ᠤᠶᠢᠯᠡᠴᠢᠯᠡᠭᠡ ᠬᠠᠩᠭᠠᠬᠤ ᠪᠠᠷ ᠲᠣᠭᠲᠠᠪᠠ᠃ ᠣᠳᠣᠬᠠᠨ ᠳᠤ ᠶᠡᠭᠡ ᠲᠠᠪᠤᠳᠤᠭᠠᠷ ᠪᠦᠬᠦ ᠲᠣᠰᠬᠤᠨ ᠳᠤ ᠨᠡᠶᠢᠳᠡ 2000 ᠭᠠᠷᠤᠢ ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ ᠲᠥᠯᠥᠭᠡᠯᠡᠭᠴᠢ ᠭᠡᠰᠢᠭᠦᠳ ᠤᠨ ᠳᠡᠮᠵᠢᠯᠭᠡ ᠳᠣᠣᠷ᠎ᠠ᠂ ᠲᠠᠷᠢᠶᠠᠴᠢᠨ ᠡᠷᠦᠬᠡ ᠶᠢᠨ ᠭᠠᠷ ᠭᠦᠢᠴᠡᠳᠬᠡᠯ ᠤᠯᠠᠨ᠂ ᠵᠢᠭᠡᠯᠡᠯᠭᠡ ᠵᠢᠭᠡᠯᠡᠬᠦ ᠳᠤ ᠬᠦᠴᠢᠷ᠂ ᠬᠦᠦ ᠮᠥᠩᠭᠦ ᠶᠢᠨ ᠨᠤᠷᠮ᠎ᠠ ᠥᠨᠳᠥᠷ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠲᠣᠰᠬᠤᠨ ᠤ ᠠᠷᠠᠳ ᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠡᠨᠡ ᠵᠢᠯ ᠠᠴᠠ ᠨᠠᠰᠢ᠂ ᠦᠨᠳᠦᠰᠦᠲᠡᠨ ᠤ ᠪᠦᠯᠬᠦᠮᠳᠡᠯ ᠰᠢᠶᠠᠩ ᠤᠨ ᠡᠯ᠎ᠡ ᠬᠤᠯᠪᠣᠭ᠎ᠠ ᠠᠪᠬᠤ ᠲᠠᠰᠤᠭ᠂ ᠥᠷᠲᠡᠭᠡ᠂ ᠴᠡᠭ ᠲᠤ ᠨᠡᠶᠢᠲᠡ 500 ᠭᠠᠷᠤᠶ ᠬᠥᠮᠦᠨ ᠤᠳᠠᠭ᠎ᠠ ᠣᠯᠠᠨ ᠲᠦᠮᠡᠨ ᠢ ᠭᠥᠯᠢᠶᠡᠨ ᠠᠪᠴᠤ᠂ ︽ᠭᠤᠷᠪᠠ ᠶᠢ ᠣᠷᠣᠭᠤᠯᠬᠤ︾᠂ ︽ᠳᠥᠷᠪᠡ ᠶᠢ ᠲᠥᠷᠥᠯ ᠬᠤᠪᠢᠶᠠᠬᠤ︾᠂ ︽ᠭᠤᠷᠪᠠ ᠶᠢ  ᠰᠢᠢᠳᠪᠤᠷᠢᠯᠡᠬᠦ︾ ᠠᠵᠢᠯ ᠤᠨ ᠠᠷᠭ᠎ᠠ ᠪᠠᠷ ᠣᠳᠣᠬᠠᠨ ᠪᠣᠯᠲᠠᠯ᠎ᠠ᠂ ᠪᠥᠬᠦ ᠰᠢᠶᠠᠩ ᠤᠨ ᠲᠥᠯᠥᠭᠡᠯᠡᠭᠴᠢ ᠭᠡᠰᠢᠭᠦᠳ ᠨᠡᠶᠢᠲᠡ 800 ᠭᠠᠷᠤᠶ ᠡᠷᠦᠬᠡ ᠳᠤ ᠬᠦᠷᠴᠦ᠂ ᠰᠣᠯᠢᠯᠴᠠᠭᠠᠨ ᠤ ᠶᠠᠷᠢᠯᠴᠠᠬᠤ ᠬᠤᠷᠠᠯ ᠳᠤ 12 ᠤᠳᠠᠭ᠎ᠠ ᠣᠷᠣᠯᠴᠠᠵᠤ᠂ 23 ᠵᠤᠶᠢᠯ ᠤᠨ ᠪᠦᠲᠦᠮᠵᠢᠲᠡᠶ ᠰᠠᠨᠠᠯ ᠰᠠᠨᠠᠭᠤᠯᠭ᠎ᠠ ᠴᠤᠭᠯᠠᠭᠤᠯᠵᠤ᠂ ᠲᠣᠰᠬᠤᠨ ᠤ ᠠᠷᠠᠳ ᠢ ᠬᠠᠪᠰᠤᠷᠤᠨ 36 ᠪᠣᠳᠠᠲᠠᠶ ᠠᠰᠠᠭᠤᠳᠠᠯ ᠢ  ᠰᠢᠢᠳᠪᠤᠷᠢᠡᠵᠤ᠂ 13 ᠬᠤᠪᠢ ᠵᠠᠬᠢᠳᠠᠯ ᠰᠤᠷᠪᠤᠯᠵᠢᠯᠠᠯ ᠤᠨ ᠵᠤᠶᠢᠯᠡᠰ ᠢ ᠣᠷᠣᠯᠠᠨ ᠭᠦᠢᠴᠡᠳᠭᠡᠪᠡ᠃ ᠪᠦᠬᠦ ᠰᠢᠶᠠᠩ ᠳᠤ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠭᠰᠠᠨ᠂ ᠦᠨᠳᠦᠰᠦᠨ ᠱᠠᠲᠤᠨ ᠤ ᠵᠠᠰᠠᠯᠲᠠ ᠶᠢ ︽ᠪᠦᠬᠦᠨ ᠢ ᠬᠠᠮᠤᠷᠬᠤ︾᠂ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ︽ᠲᠦᠷᠭᠡᠨ ᠴᠤᠤᠷᠢᠶᠠᠲᠤᠭᠤᠯᠬᠤ︾ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠪᠠ᠃          ᠪᠥᠬᠦ ᠬᠦᠴᠦᠨ ᠢᠶᠠᠷ ᠢᠶᠠᠨ ᠪᠣᠳᠠᠲᠤ ᠶᠠᠪᠤᠳᠠᠯ ᠢ ᠰᠠᠶᠢᠲᠤᠷ ᠬᠢᠵᠦ ᠣᠯᠠᠨ ᠲᠦᠮᠡᠨ ᠢ ︽ᠬᠡᠯᠡᠬᠦ ᠦᠭᠡ ᠲᠠᠢ ᠪᠠᠶᠢᠬᠤ︾᠎ ᠶᠢ ᠪᠡᠶᠡᠯᠡᠭᠦᠯᠦᠨ᠎ᠡ      ᠦᠨᠳᠦᠰᠦᠲᠡᠨ ᠤ ᠪᠦᠯᠬᠦᠮᠳᠡᠯ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠨᠢ ᠲᠣᠭᠲᠠᠭᠰᠠᠨ ᠠᠵᠢᠯᠯᠠᠭ᠎ᠠ ᠶᠢ ᠰᠠᠶᠢᠲᠤᠷ ᠪᠡᠶᠡᠯᠡᠭᠦᠯᠬᠦ ᠠᠴᠠ ᠭᠠᠳᠠᠨ᠎ᠠ᠂ ᠲᠣᠰ ᠪᠡᠶ᠎ᠡ ᠶᠢᠨ ᠠᠵᠢᠯ ᠲᠥᠷᠥᠯ ᠤᠨ ᠳᠠᠪᠠᠭᠤᠯᠢᠭ ᠵᠡᠷᠭᠡ ᠲᠠᠢ ᠪᠠᠨ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢᠨ ᠭᠠᠷᠳᠠᠬᠤ ᠴᠡᠭ ᠪᠠ ᠬᠦᠴᠦᠯᠡᠬᠦ ᠴᠡᠭ ᠢᠶᠠᠨ ᠣᠨᠣᠪᠴᠢᠲᠠᠶ ᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠪᠠᠴᠢᠮᠳᠠᠵᠤ ᠪᠠᠶᠢᠭ᠎ᠠ᠂ ᠬᠡᠷᠡᠭᠴᠡᠭᠡ ᠲᠠᠢ᠂ ᠬᠦᠰᠡᠵᠦ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠣᠯᠠᠨ ᠲᠦᠮᠡᠨ ᠳᠤ ᠢᠯᠡᠳᠲᠡ ᠬᠤᠪᠢᠷᠠᠯᠲᠠ ᠶᠢ ᠦᠵᠡᠭᠦᠯᠵᠦ᠂ ᠦᠨᠡᠨ ᠪᠣᠳᠠᠲᠠᠶ ᠠᠰᠢᠭ ᠬᠦᠷᠲᠡᠭᠡᠨ᠎ᠡ᠃      ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠨᠥᠬᠦᠴᠡᠯ ᠤᠨ ᠳᠠᠪᠠᠭᠤᠯᠢᠭ ᠵᠢᠴᠢ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠠᠴᠠ ᠪᠣᠯᠵᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠨᠢ ᠪᠥᠬᠦ ᠰᠢᠶᠠᠩ ᠤᠨ ᠣᠨᠴᠠᠯᠢᠭᠲᠤ ᠠᠵᠤ ᠦᠢᠯᠡᠰ ᠪᠣᠯᠤᠭᠰᠠᠭᠠᠷ ᠢᠷᠡᠵᠡᠶ᠃ ᠲᠥᠯᠥᠭᠡᠯᠡᠭᠴᠢᠳ᠂ ᠭᠡᠰᠢᠭᠦᠳ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠲᠠᠷᠢᠮᠠᠯ ᠤᠨ ᠲᠤᠮᠤ ᠡᠷᠦᠬᠡ ᠣᠳᠣᠬᠠᠨ ᠤ ᠢᠳᠡᠰᠢᠨ ᠨᠣᠭᠤᠭ᠎ᠠ ᠲᠠᠷᠢᠬᠤ ᠨᠢ ᠠᠩᠬ᠎ᠠ ᠱᠠᠲᠤᠨ ᠤ ᠦᠢᠯᠡᠳᠬᠦᠨ ᠤ ᠱᠠᠲᠤᠨ ᠳᠤ ᠪᠠᠶᠢᠵᠤ᠂ ᠢᠵᠢ ᠪᠦᠷᠢᠳᠦᠭᠰᠡᠨ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠬᠦ ᠪᠠᠷ ᠳᠤᠲᠠᠮᠠᠭ ᠭᠡᠵᠦ ᠲᠤᠰᠬᠠᠵᠤ ᠪᠠᠶᠢᠨ᠎ᠠ᠃ ᠲᠥᠯᠥᠭᠡᠯᠡᠭᠴᠢ ᠭᠡᠰᠢᠭᠦᠳ ᠡᠨᠡ ᠬᠦ ᠰᠠᠨᠠᠭᠤᠯᠭ᠎ᠠ ᠶᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠠᠷᠢᠭᠤ ᠲᠤᠰᠬᠠᠭᠰᠠᠨ ᠤ ᠳᠠᠷᠠᠭ᠎ᠠ᠂ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠦᠷᠦᠭᠦᠯᠡᠨ ᠬᠤᠸᠠᠩ ᠲᠤ ᠲᠣᠰᠬᠤᠨ ᠳᠤ 1680 ᠲᠡᠭᠰᠢ ᠳᠥᠷᠪᠡᠯᠵᠢᠨ ᠮᠧᠳ᠋ᠷ ᠢ ᠢᠯᠭᠠᠬᠤ᠂ ᠪᠣᠭᠤᠳᠠᠯᠯᠠᠬᠤ᠂ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠵᠤ᠂ ᠪᠠᠰᠠ 383 ᠲᠦᠮᠡᠨ ᠲᠥᠭᠦᠷᠢᠭ ᠤᠨ ᠪᠠᠯᠠ ᠣᠷᠣᠭᠤᠯᠵᠤ ᠢᠳᠡᠰᠢᠨ ᠨᠣᠭᠤᠭ᠎ᠠ ᠪᠣᠭᠤᠳᠠᠯᠯᠠᠬᠤ ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠭᠤᠤᠯᠳᠠᠭᠤ ᠲᠤᠬᠠᠶ ᠶᠢᠨ ᠭᠠᠵᠠᠷ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠲᠡᠭᠡᠭᠡᠪᠦᠷᠢᠯᠡᠨ ᠪᠣᠷᠣᠯᠠᠭᠤᠯᠬᠤ ᠳᠤ ᠪᠣᠭᠤᠳᠠᠯ ᠪᠠᠭᠯᠠᠭ᠎ᠠ ᠶᠢᠨ ᠮᠠᠲ᠋ᠧᠷᠢᠶᠠᠯ ᠢ ᠬᠠᠩᠭᠠᠵᠤ᠂ ᠣᠲᠣ ᠡᠳᠦᠷ ᠤᠨ ᠭᠠᠷᠤᠯᠲᠠ 3 ᠲᠦᠮᠡᠨ ᠬᠥᠭᠡᠰᠦᠷᠬᠡᠭ ᠬᠠᠶᠢᠷᠴᠠᠭ ᠲᠤ ᠬᠦᠷᠴᠦ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠯᠬᠢᠶ᠎ᠡ ᠤᠯᠠᠮ ᠨᠢᠭᠡ ᠠᠯᠬᠤᠮ ᠲᠡᠭᠦᠯᠳᠡᠷᠵᠢᠪᠡ᠃      ᠡᠭᠦᠨ ᠠᠴᠠ ᠭᠠᠳᠠᠨ᠎ᠠ᠂ ᠦᠨᠳᠦᠰᠦᠲᠡᠨ ᠤ ᠪᠦᠯᠬᠦᠮᠳᠡᠯ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠨᠡᠶᠢᠭᠡᠮ ᠤᠨ ᠵᠠᠰᠠᠯᠲᠠ ᠳᠤ ᠢᠳᠡᠪᠬᠢᠲᠡᠶ ᠣᠷᠣᠯᠴᠠᠵᠤ᠂ ︽ᠶᠡᠭᠡ ᠵᠢᠭᠰᠠᠭᠠᠨ ᠪᠠᠶᠢᠴᠠᠭᠠᠬᠤ᠂ ᠶᠡᠬᠡᠪᠡᠷ ᠡᠬᠢᠯᠡᠬᠦ᠂ ᠶᠡᠬᠡᠪᠡᠷ ᠠᠷᠢᠯᠭᠠᠬᠤ︾ ᠠᠵᠢᠯᠯᠠᠭ᠎ᠠ ᠪᠠᠷ ᠳᠠᠮᠵᠢᠭᠤᠯᠤᠨ ᠪᠥᠬᠦ ᠰᠢᠶᠠᠩ ᠳᠤ ᠵᠥᠷᠢᠴᠡᠯ ᠤᠨ ᠳᠠᠯᠳᠠ ᠬᠡᠮ ᠢ ᠨᠡᠶᠢᠲᠡ 76 ᠬᠤᠪᠢ ᠵᠢᠭᠰᠠᠭᠠᠨ ᠪᠠᠶᠢᠴᠠᠭᠠᠵᠤ᠂ ᠨᠢᠭᠡᠨᠲᠡ 68 ᠬᠤᠪᠢ ᠶᠢ ᠨᠢ ᠭᠦᠢᠴᠡᠳᠬᠡᠵᠦ᠂ ᠶᠠᠭ 6 ᠬᠤᠪᠢ ᠶᠢ ᠨᠢ ᠭᠦᠢᠴᠡᠳᠬᠡᠵᠦ᠂ 2 ᠬᠤᠪᠢ ᠶᠢ ᠨᠢ ᠭᠦᠢᠴᠡᠳᠬᠡᠭᠰᠡᠨ ᠥᠬᠡᠶ᠃ ᠰᠤᠷᠪᠤᠯᠵᠢᠯᠠᠨ ᠪᠠᠶᠢᠴᠠᠭᠠᠵᠤ ᠠᠷᠠᠳ ᠤᠨ ᠰᠡᠳᠬᠢᠯ ᠳᠤ ᠣᠷᠣᠵᠤ᠂ ᠠᠷᠠᠳ ᠲᠦᠮᠡᠨ ᠳᠤ ᠦᠢᠯᠡᠴᠢᠯᠡᠬᠦ ︽ᠥᠴᠦᠬᠡᠨ ᠴᠦ ᠵᠠᠶ ᠦᠭᠡᠢ︾᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠦᠷᠭᠦᠯᠵᠢᠯᠡᠨ ᠦᠨᠳᠦᠰᠦᠨ ᠱᠠᠲᠤᠨ ᠳᠤ ᠬᠦᠷᠴᠦ᠂ ᠣᠯᠠᠨ ᠲᠦᠮᠡᠨ ᠲᠠᠢ ᠢᠯᠡᠭᠦᠬᠡᠨ ᠬᠠᠷᠢᠯᠴᠠᠵᠤ᠂ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠱᠠᠯᠠᠪᠳᠠᠭᠤᠯᠤᠨ ᠰᠢᠢᠳᠪᠤᠷᠢᠯᠡᠵᠤ ᠰᠢᠢᠳᠪᠤᠷᠢᠯᠡᠬᠦ ᠶᠢ ᠠᠬᠢᠭᠤᠯᠵᠤ᠂ ᠦᠨᠡᠨ ᠬᠦ ᠣᠯᠠᠨ ᠲᠦᠮᠡᠨ ᠪᠣᠯᠤᠨ ᠨᠠᠮ ᠪᠣᠯᠤᠨ ᠵᠠᠰᠠᠭ ᠤᠨ ᠣᠷᠳᠣᠨ ᠤ ᠬᠤᠭᠤᠷᠣᠨᠳᠣᠬᠢ ᠬᠠᠷᠢᠯᠴᠠᠬᠤ ︽ᠰᠡᠳᠬᠢᠯ ᠤᠨ ᠬᠥᠭᠦᠷᠭᠡ︾ ᠪᠣᠯᠬᠤ ᠪᠣᠯᠤᠨ᠎ᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3