ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠦᠨᠳᠦᠰᠦᠲᠡᠨ ᠤ ᠪᠦᠯᠬᠦᠮᠳᠡᠯ ᠰᠢᠶᠠᠩ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠳᠠᠬᠢ ᠴᠢᠬᠤᠯᠠ | ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ︽ᠨᠠᠮ ᠤᠨ ᠵᠣᠬᠢᠶᠠᠨ | ᠪᠠᠶᠢᠭᠤᠯᠤᠯᠲᠠ ᠶᠢ ᠡᠭᠦᠷᠭᠡᠯᠡᠬᠦ︾᠂ ︽ᠳᠣᠷᠣᠭᠰᠢ ᠨᠠᠮ ᠤᠨ ᠭᠡᠰᠢᠭᠦᠨ ᠤᠯᠠᠨ ᠲᠦᠮᠡᠨ ᠢ ᠵᠣᠯᠭᠠᠭᠤᠯᠬᠤ︾ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠠᠷᠠᠳ ᠤᠯᠠᠨ ᠤ ︽ᠪᠠᠴᠢᠮᠳᠠᠵᠤ | ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ ᠳᠡᠶᠢᠯᠬᠦ ᠪᠣᠯᠭᠠᠪᠠ᠃ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠢᠭᠰᠠᠭᠠᠯ ᠤᠨ ᠭᠠᠵᠠᠷ ᠢ ᠬᠦᠴᠦᠷᠬᠡᠭᠵᠢᠭᠦᠯᠦᠨ ᠣᠯᠠᠨ ᠲᠦᠮᠡᠨ ᠢ | ︽ᠬᠡᠯᠡᠬᠦ ᠭᠠᠵᠠᠷ︾ ᠲᠠᠢ ᠪᠣᠯᠭᠠᠨ᠎ᠠ | ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠪᠠᠶᠢᠭᠤᠯᠤᠭᠳᠠᠭᠰᠠᠨ ᠠᠴᠠ ᠨᠠᠰᠢ᠂ | ᠦᠨᠳᠦᠰᠦᠲᠡᠨ ᠤ ᠪᠦᠯᠬᠦᠮᠳᠡᠯ ᠰᠢᠶᠠᠩ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠤᠨᠢᠨ ᠳᠡᠭᠡᠷ᠎ᠡ ᠨᠢ | ᠠᠷᠭ᠎ᠠ ᠪᠤᠳᠤᠯᠭ᠎ᠠ ᠬᠡᠷᠡᠭᠵᠢᠭᠦᠯᠵᠦ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ | ᠦᠨᠳᠦᠰᠦᠯᠡᠯ ᠲᠠᠢ᠂ ᠠᠵᠢᠯ ᠬᠢᠬᠦ ᠳᠤ ᠲᠠᠪᠴᠠᠩ ᠲᠠᠢ᠂ ᠦᠢᠯᠡᠳᠦᠯ ᠢ ᠨᠢ ᠦᠨᠡᠯᠡᠬᠦ ᠶᠢ ᠪᠡᠶᠡᠯᠡᠭᠦᠯᠵᠦ᠂ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠲᠤᠰᠢᠶᠠᠯ ᠤᠨ ᠬᠤᠭᠤᠴᠠᠭᠠᠨ ᠤ ᠲᠤᠰᠢᠶᠠᠯ ᠬᠠᠷᠢᠭᠤᠴᠠᠯᠭ᠎ᠠ ᠪᠠᠨ ᠭᠦᠨᠵᠡᠭᠡᠢ | ᠪᠣᠳᠠᠲᠠᠶᠢᠵᠢᠭᠤᠯᠬᠤ ᠶᠢ ᠠᠬᠢᠭᠤᠯᠪᠠ᠃ ᠰᠢᠶᠠᠩ ᠤᠨ ᠨᠠᠮ ᠤᠨ ᠬᠤᠷᠢᠶᠠᠨ ᠤ ᠱᠦᠵᠢ ︽ᠬᠤᠶᠠᠷ ᠲᠥᠯᠥᠭᠡᠯᠡᠭᠴᠢ | ᠨᠢᠭᠡ ᠭᠡᠰᠢᠭᠦᠨ︾ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ | ᠪᠡᠶ᠎ᠡ ᠪᠠᠷ ᠢᠶᠠᠨ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠠᠳᠬᠤᠨ᠎ᠠ︔ ᠰᠢᠶᠠᠩ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠬᠤᠯᠪᠣᠭ᠎ᠠ ᠠᠪᠬᠤ ᠲᠠᠰᠤᠭ ᠤᠨ ᠡᠷᠬᠢᠯᠡᠭᠴᠢ᠂ ᠨᠠᠮ ᠤᠨ | ᠬᠤᠷᠢᠶᠠᠨ ᠤ ᠳᠡᠳ᠋ ᠱᠦᠵᠢ᠂ ᠭᠡᠰᠢᠭᠦᠨ ᠢ ᠵᠣᠬᠢᠶᠠᠨ ᠪᠠᠶᠢᠭᠤᠯᠵᠤ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ | ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠯᠪᠣᠭ᠎ᠠ ᠠᠪᠬᠤ ᠦᠷᠳᠡᠭᠡ ᠶᠢᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠵᠦ᠂ ᠪᠦᠬᠦᠯᠢ ᠴᠣᠭᠴᠠ ᠶᠢᠨ ᠠᠵᠢᠯ ᠢ ᠠᠬᠢᠭᠤᠯᠬᠤ ᠶᠢ ᠬᠠᠷᠢᠭᠤᠴᠠᠨ᠎ᠠ᠃ | ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ ᠦᠨᠳᠦᠰᠦᠲᠡᠨ ᠤ ᠪᠦᠯᠬᠦᠮᠳᠡᠯ | ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠪᠦᠬᠦ ᠰᠢᠶᠠᠩ ᠤᠨ 22 ᠲᠣᠰᠬᠤᠨ ᠳᠤ | ᠴᠥᠮ ᠰᠠᠨᠠᠯ ᠤᠨ ᠬᠠᠶᠢᠷᠴᠠᠭ ᠭᠠᠷᠭᠠᠭᠰᠠᠨ ᠪᠥᠭᠡᠳ ᠦᠷᠳᠡᠭᠡ ᠳᠤ ᠰᠠᠭᠤᠭ᠎ᠠ ᠬᠥᠮᠦᠰ ᠤᠨ ᠬᠤᠯᠪᠣᠭ᠎ᠠ ᠠᠪᠬᠤ | ᠺᠠᠷᠲ᠂ ᠲᠥᠯᠥᠭᠡᠯᠡᠭᠴᠢ ᠶᠢᠨ ᠦᠨᠡᠮᠯᠡᠯ ᠵᠡᠷᠭᠡ ᠶᠢ ᠠᠰᠢᠭᠯᠠᠨ ᠲᠥᠯᠥᠭᠡᠯᠡᠭᠴᠢ ᠭᠡᠰᠢᠭᠦᠳ ᠤᠨ ᠬᠤᠯᠪᠣᠭ᠎ᠠ ᠠᠪᠬᠤ | ᠮᠡᠳᠡᠭᠡ ᠵᠠᠩᠭᠢ ᠶᠢ ᠪᠦᠬᠦ ᠰᠢᠶᠠᠩ ᠤᠨ ᠬᠡᠪᠴᠢᠶᠡᠨ ᠳᠤ ᠢᠯᠡ ᠪᠠᠷ ᠨᠡᠶᠢᠲᠡᠯᠡᠵᠦ᠂ ᠪᠡᠶ᠎ᠡ ᠶᠢᠨ ᠭᠠᠷᠤᠯ ᠢᠶᠠᠨ | ᠲᠣᠳᠣᠷᠬᠠᠶᠢᠯᠠᠵᠤ᠂ ᠲᠥᠯᠥᠭᠡᠯᠡᠭᠴᠢ ᠭᠡᠰᠢᠭᠦᠳ ᠡᠭᠡᠯᠵᠢᠯᠡᠨ ᠥᠷᠲᠡᠭᠡᠨ ᠳᠤ ᠰᠠᠭᠤᠵᠤ ᠵᠢᠵᠢᠭᠦᠷᠯᠡᠵᠦ᠂ ᠭᠤᠣᠯᠳᠠᠭᠤ | ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠬᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ᠂ | ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ᠂ ᠨᠠᠮ ᠤᠨ ᠡᠯ᠎ᠡ ᠵᠦᠢᠯ ᠤᠨ ᠠᠵᠢᠯ᠂ ᠲᠦᠷᠦ ᠶᠢᠨ | ᠪᠤᠳᠤᠯᠭ᠎ᠠ ᠶᠢ ᠤᠬᠠᠭᠤᠯᠬᠤ ᠵᠡᠷᠭᠡ ᠶᠢ ᠬᠠᠷᠢᠭᠤᠴᠠᠨ᠎ᠠ᠃ ᠰᠢᠶᠠᠩ ᠤᠨ ᠬᠤᠯᠪᠣᠭ᠎ᠠ ᠠᠪᠬᠤ ᠲᠠᠰᠤᠭ | ᠪᠠᠶᠢᠭᠤᠯᠤᠭᠳᠠᠭᠰᠠᠨ ᠠᠴᠠ ᠨᠠᠰᠢ᠂ ᠨᠢᠭᠡᠨᠲᠡ 160 ᠭᠠᠷᠤᠶ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ | ᠬᠦᠯᠢᠶᠡᠨ ᠠᠪᠤᠪᠠ᠃ | ᠪᠦᠬᠦ ᠰᠡᠳᠬᠢᠯ ᠢᠶᠠᠷ ᠢᠶᠠᠨ ᠣᠷᠤᠭᠤᠯᠤᠨ ᠦᠢᠯᠡᠴᠢᠯᠡᠭᠡ ᠪᠠᠨ ᠳᠡᠭᠡᠭᠰᠢᠯᠡᠭᠦᠯᠵᠦ ᠣᠯᠠᠨ ᠲᠦᠮᠡᠨ ᠢ ︽ᠬᠦᠴᠢᠷ | ᠲᠦᠪᠡᠭᠲᠡᠢ ᠬᠦᠮᠦᠨ ᠢ ᠬᠠᠪᠰᠤᠷᠬᠤ︾ ᠬᠡᠷᠡᠭᠲᠡᠢ | ᠳ᠋ᠠ ᠡᠦ ᠬᠤᠤ ᠲᠣᠰᠬᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠥᠷᠲᠡᠭᠡ | ᠪᠠᠶᠢᠭᠤᠯᠤᠭᠰᠠᠨ ᠠᠴᠠ ᠨᠠᠰᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠨᠠᠮ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠲᠤ ᠭᠦᠨᠵᠡᠭᠡᠶᠢᠷᠡᠨ᠂ ᠪᠥᠬᠦ ᠲᠣᠰᠬᠤᠨ ᠤ ᠲᠤᠯᠭᠠᠭᠤᠷᠢ ᠠᠵᠤ ᠦᠢᠯᠡᠰ ᠤᠨ ᠬᠥᠭᠵᠢᠯᠲᠡ ᠳᠤ ᠪᠠᠯᠠ | ᠮᠥᠩᠭᠦ ᠶᠢᠨ ᠬᠡᠯᠬᠢᠶ᠎ᠡ ᠳᠠᠯᠳᠠ ᠳᠤᠲᠠᠭᠤᠳᠠᠯ ᠣᠷᠣᠰᠢᠵᠤ ᠪᠠᠶᠢᠬᠤ ᠠᠰᠠᠭᠤᠳᠠᠯ ᠣᠷᠣᠰᠢᠵᠤ ᠪᠠᠶᠢᠬᠤ ᠶᠢ ᠮᠡᠳᠡᠭᠰᠡᠨ ᠤ | ᠳᠠᠷᠠᠭ᠎ᠠ᠂ ᠰᠢᠩ ᠾᠧ ᠰᠢᠶᠠᠨ ᠤ ᠲᠠᠷᠢᠶᠠᠯᠠᠩ ᠤᠨ ᠪᠠᠩᠬᠢ ᠲᠠᠢ ᠢᠳᠡᠪᠬᠢᠲᠡᠶ ᠪᠠᠷ ᠵᠣᠯᠭᠠᠭᠤᠯᠵᠤ᠂ ᠰᠢᠶᠠᠨ ᠤ | ᠲᠠᠷᠢᠶᠠᠯᠠᠩ ᠤᠨ ᠪᠠᠩᠬᠢ ᠶᠢᠨ ᠲᠠᠷᠢᠶᠠᠯᠠᠩ ᠢ ᠲᠤᠰᠠᠯᠠᠬᠤ ᠲᠤᠰᠬᠠᠶ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠷᠢᠨ | ᠣᠶᠢᠯᠠᠭᠠᠵᠤ᠂ ᠪᠥᠬᠦ ᠲᠣᠰᠬᠤᠨ ᠤ 11 ᠠᠶᠢᠯ ᠲᠣᠰᠬᠤᠨ ᠤ 87 ᠡᠷᠦᠬᠡ ᠪᠠᠯᠠ ᠮᠥᠩᠭᠦ ᠶᠢᠨ ᠬᠡᠷᠡᠭᠴᠡᠭᠡ ᠲᠠᠢ | ᠲᠠᠷᠢᠶᠠᠴᠢᠨ ᠡᠷᠦᠬᠡ ᠶᠢ ᠳᠡᠩᠰᠡᠯᠡᠨ ᠲᠡᠮᠳᠡᠭᠯᠡᠬᠦ ᠶᠢᠨ ᠬᠠᠮᠲᠤ ᠴᠠᠭ ᠲᠤᠬᠠᠶ ᠳᠤᠨᠢ ᠳᠡᠭᠡᠳᠦ ᠱᠠᠲᠤᠨ ᠤ ᠬᠠᠮᠢᠶ᠎ᠠ | ᠪᠥᠬᠦᠶ ᠰᠠᠯᠠᠭ᠎ᠠ ᠮᠥᠴᠢᠷ ᠲᠠᠢ ᠬᠠᠷᠢᠯᠴᠠᠵᠤ ᠲᠤᠰᠬᠠᠵᠤ᠂ ᠡᠴᠦᠰ ᠲᠡᠭᠡᠨ ᠲᠣᠰᠬᠤᠨ ᠤ ᠠᠷᠠᠳ ᠤᠨ ᠵᠥᠪᠯᠡᠯ ᠠᠴᠠ | ᠰᠢᠶᠠᠨ ᠤ ᠲᠠᠷᠢᠶᠠᠯᠠᠩ ᠤᠨ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠬᠠᠮᠲᠤᠷᠠᠨ᠂ ᠲᠣᠰᠬᠤᠨ ᠤ | ᠳᠣᠲᠣᠷ᠎ᠠ ᠬᠡᠷᠡᠭᠴᠡᠭᠡ ᠲᠠᠢ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠪᠠ ᠳᠠᠷᠢᠵᠤ ᠲᠡᠵᠢᠭᠡᠨ | ᠦᠷᠡᠵᠢᠭᠦᠯᠬᠦ ᠲᠣᠮᠣ ᠡᠷᠦᠬᠡ ᠳᠤ ᠵᠢᠭᠡᠯᠡᠯᠭᠡ ᠶᠢᠨ ᠤᠶᠢᠯᠡᠴᠢᠯᠡᠭᠡ ᠬᠠᠩᠭᠠᠬᠤ ᠪᠠᠷ ᠲᠣᠭᠲᠠᠪᠠ᠃ ᠣᠳᠣᠬᠠᠨ ᠳᠤ | ᠶᠡᠭᠡ ᠲᠠᠪᠤᠳᠤᠭᠠᠷ ᠪᠦᠬᠦ ᠲᠣᠰᠬᠤᠨ ᠳᠤ ᠨᠡᠶᠢᠳᠡ 2000 ᠭᠠᠷᠤᠢ ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ | ᠲᠥᠯᠥᠭᠡᠯᠡᠭᠴᠢ ᠭᠡᠰᠢᠭᠦᠳ ᠤᠨ ᠳᠡᠮᠵᠢᠯᠭᠡ ᠳᠣᠣᠷ᠎ᠠ᠂ ᠲᠠᠷᠢᠶᠠᠴᠢᠨ ᠡᠷᠦᠬᠡ ᠶᠢᠨ ᠭᠠᠷ ᠭᠦᠢᠴᠡᠳᠬᠡᠯ ᠤᠯᠠᠨ᠂ | ᠵᠢᠭᠡᠯᠡᠯᠭᠡ ᠵᠢᠭᠡᠯᠡᠬᠦ ᠳᠤ ᠬᠦᠴᠢᠷ᠂ ᠬᠦᠦ ᠮᠥᠩᠭᠦ ᠶᠢᠨ ᠨᠤᠷᠮ᠎ᠠ ᠥᠨᠳᠥᠷ ᠪᠠᠶᠢᠬᠤ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠵᠦ᠂ ᠲᠣᠰᠬᠤᠨ ᠤ ᠠᠷᠠᠳ ᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠳᠤ ᠪᠠᠲᠤ | ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠡᠨᠡ ᠵᠢᠯ ᠠᠴᠠ ᠨᠠᠰᠢ᠂ ᠦᠨᠳᠦᠰᠦᠲᠡᠨ ᠤ ᠪᠦᠯᠬᠦᠮᠳᠡᠯ ᠰᠢᠶᠠᠩ ᠤᠨ ᠡᠯ᠎ᠡ ᠬᠤᠯᠪᠣᠭ᠎ᠠ ᠠᠪᠬᠤ ᠲᠠᠰᠤᠭ᠂ | ᠥᠷᠲᠡᠭᠡ᠂ ᠴᠡᠭ ᠲᠤ ᠨᠡᠶᠢᠲᠡ 500 ᠭᠠᠷᠤᠶ ᠬᠥᠮᠦᠨ ᠤᠳᠠᠭ᠎ᠠ ᠣᠯᠠᠨ ᠲᠦᠮᠡᠨ ᠢ ᠭᠥᠯᠢᠶᠡᠨ ᠠᠪᠴᠤ᠂ ︽ | ᠭᠤᠷᠪᠠ ᠶᠢ ᠣᠷᠣᠭᠤᠯᠬᠤ︾᠂ ︽ᠳᠥᠷᠪᠡ ᠶᠢ ᠲᠥᠷᠥᠯ ᠬᠤᠪᠢᠶᠠᠬᠤ︾᠂ ︽ᠭᠤᠷᠪᠠ ᠶᠢ ᠰᠢᠢᠳᠪᠤᠷᠢᠯᠡᠬᠦ︾ | ᠠᠵᠢᠯ ᠤᠨ ᠠᠷᠭ᠎ᠠ ᠪᠠᠷ ᠣᠳᠣᠬᠠᠨ ᠪᠣᠯᠲᠠᠯ᠎ᠠ᠂ ᠪᠥᠬᠦ ᠰᠢᠶᠠᠩ ᠤᠨ ᠲᠥᠯᠥᠭᠡᠯᠡᠭᠴᠢ ᠭᠡᠰᠢᠭᠦᠳ ᠨᠡᠶᠢᠲᠡ 800 | ᠭᠠᠷᠤᠶ ᠡᠷᠦᠬᠡ ᠳᠤ ᠬᠦᠷᠴᠦ᠂ ᠰᠣᠯᠢᠯᠴᠠᠭᠠᠨ ᠤ ᠶᠠᠷᠢᠯᠴᠠᠬᠤ ᠬᠤᠷᠠᠯ ᠳᠤ 12 ᠤᠳᠠᠭ᠎ᠠ ᠣᠷᠣᠯᠴᠠᠵᠤ᠂ 23 | ᠵᠤᠶᠢᠯ ᠤᠨ ᠪᠦᠲᠦᠮᠵᠢᠲᠡᠶ ᠰᠠᠨᠠᠯ ᠰᠠᠨᠠᠭᠤᠯᠭ᠎ᠠ ᠴᠤᠭᠯᠠᠭᠤᠯᠵᠤ᠂ ᠲᠣᠰᠬᠤᠨ ᠤ ᠠᠷᠠᠳ ᠢ ᠬᠠᠪᠰᠤᠷᠤᠨ 36 ᠪᠣᠳᠠᠲᠠᠶ | ᠠᠰᠠᠭᠤᠳᠠᠯ ᠢ ᠰᠢᠢᠳᠪᠤᠷᠢᠡᠵᠤ᠂ 13 ᠬᠤᠪᠢ ᠵᠠᠬᠢᠳᠠᠯ ᠰᠤᠷᠪᠤᠯᠵᠢᠯᠠᠯ ᠤᠨ ᠵᠤᠶᠢᠯᠡᠰ ᠢ ᠣᠷᠣᠯᠠᠨ ᠭᠦᠢᠴᠡᠳᠭᠡᠪᠡ᠃ | ᠪᠦᠬᠦ ᠰᠢᠶᠠᠩ ᠳᠤ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠭᠰᠠᠨ᠂ ᠦᠨᠳᠦᠰᠦᠨ ᠱᠠᠲᠤᠨ ᠤ | ᠵᠠᠰᠠᠯᠲᠠ ᠶᠢ ︽ᠪᠦᠬᠦᠨ ᠢ ᠬᠠᠮᠤᠷᠬᠤ︾᠂ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ︽ᠲᠦᠷᠭᠡᠨ | ᠴᠤᠤᠷᠢᠶᠠᠲᠤᠭᠤᠯᠬᠤ︾ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠪᠠ᠃ | ᠪᠥᠬᠦ ᠬᠦᠴᠦᠨ ᠢᠶᠠᠷ ᠢᠶᠠᠨ ᠪᠣᠳᠠᠲᠤ ᠶᠠᠪᠤᠳᠠᠯ ᠢ ᠰᠠᠶᠢᠲᠤᠷ ᠬᠢᠵᠦ ᠣᠯᠠᠨ ᠲᠦᠮᠡᠨ ᠢ ︽ᠬᠡᠯᠡᠬᠦ ᠦᠭᠡ ᠲᠠᠢ | ᠪᠠᠶᠢᠬᠤ︾ ᠶᠢ ᠪᠡᠶᠡᠯᠡᠭᠦᠯᠦᠨ᠎ᠡ | ᠦᠨᠳᠦᠰᠦᠲᠡᠨ ᠤ ᠪᠦᠯᠬᠦᠮᠳᠡᠯ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠨᠢ ᠲᠣᠭᠲᠠᠭᠰᠠᠨ | ᠠᠵᠢᠯᠯᠠᠭ᠎ᠠ ᠶᠢ ᠰᠠᠶᠢᠲᠤᠷ ᠪᠡᠶᠡᠯᠡᠭᠦᠯᠬᠦ ᠠᠴᠠ ᠭᠠᠳᠠᠨ᠎ᠠ᠂ ᠲᠣᠰ ᠪᠡᠶ᠎ᠡ ᠶᠢᠨ ᠠᠵᠢᠯ ᠲᠥᠷᠥᠯ ᠤᠨ ᠳᠠᠪᠠᠭᠤᠯᠢᠭ | ᠵᠡᠷᠭᠡ ᠲᠠᠢ ᠪᠠᠨ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢᠨ ᠭᠠᠷᠳᠠᠬᠤ ᠴᠡᠭ ᠪᠠ | ᠬᠦᠴᠦᠯᠡᠬᠦ ᠴᠡᠭ ᠢᠶᠠᠨ ᠣᠨᠣᠪᠴᠢᠲᠠᠶ ᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠪᠠᠴᠢᠮᠳᠠᠵᠤ ᠪᠠᠶᠢᠭ᠎ᠠ᠂ | ᠬᠡᠷᠡᠭᠴᠡᠭᠡ ᠲᠠᠢ᠂ ᠬᠦᠰᠡᠵᠦ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠣᠯᠠᠨ | ᠲᠦᠮᠡᠨ ᠳᠤ ᠢᠯᠡᠳᠲᠡ ᠬᠤᠪᠢᠷᠠᠯᠲᠠ ᠶᠢ ᠦᠵᠡᠭᠦᠯᠵᠦ᠂ ᠦᠨᠡᠨ ᠪᠣᠳᠠᠲᠠᠶ ᠠᠰᠢᠭ ᠬᠦᠷᠲᠡᠭᠡᠨ᠎ᠡ᠃ | ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠨᠥᠬᠦᠴᠡᠯ ᠤᠨ ᠳᠠᠪᠠᠭᠤᠯᠢᠭ ᠵᠢᠴᠢ ᠵᠠᠮ ᠬᠠᠷᠢᠯᠴᠠᠭᠠᠨ ᠤ | ᠣᠷᠣᠨ ᠪᠠᠶᠢᠷᠢ ᠶᠢᠨ ᠳᠠᠪᠠᠭᠤᠯᠢᠭ ᠠᠴᠠ ᠪᠣᠯᠵᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠨᠢ ᠪᠥᠬᠦ | ᠰᠢᠶᠠᠩ ᠤᠨ ᠣᠨᠴᠠᠯᠢᠭᠲᠤ ᠠᠵᠤ ᠦᠢᠯᠡᠰ ᠪᠣᠯᠤᠭᠰᠠᠭᠠᠷ ᠢᠷᠡᠵᠡᠶ᠃ ᠲᠥᠯᠥᠭᠡᠯᠡᠭᠴᠢᠳ᠂ ᠭᠡᠰᠢᠭᠦᠳ ᠪᠠᠶᠢᠴᠠᠭᠠᠨ | ᠰᠤᠳᠤᠯᠤᠯᠲᠠ ᠬᠢᠬᠦ ᠶᠠᠪᠤᠴᠠ ᠳᠤ ᠲᠠᠷᠢᠮᠠᠯ ᠤᠨ ᠲᠤᠮᠤ ᠡᠷᠦᠬᠡ ᠣᠳᠣᠬᠠᠨ ᠤ ᠢᠳᠡᠰᠢᠨ ᠨᠣᠭᠤᠭ᠎ᠠ ᠲᠠᠷᠢᠬᠤ ᠨᠢ | ᠠᠩᠬ᠎ᠠ ᠱᠠᠲᠤᠨ ᠤ ᠦᠢᠯᠡᠳᠬᠦᠨ ᠤ ᠱᠠᠲᠤᠨ ᠳᠤ ᠪᠠᠶᠢᠵᠤ᠂ ᠢᠵᠢ ᠪᠦᠷᠢᠳᠦᠭᠰᠡᠨ ᠬᠥᠮᠥᠷᠭᠡᠯᠡᠨ ᠬᠠᠳᠠᠭᠠᠯᠠᠵᠤ ᠰᠢᠨ᠎ᠡ | ᠰᠣᠷᠭᠤᠭ ᠪᠠᠶᠢᠯᠭᠠᠬᠤ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠬᠦ ᠪᠠᠷ | ᠳᠤᠲᠠᠮᠠᠭ ᠭᠡᠵᠦ ᠲᠤᠰᠬᠠᠵᠤ ᠪᠠᠶᠢᠨ᠎ᠠ᠃ ᠲᠥᠯᠥᠭᠡᠯᠡᠭᠴᠢ ᠭᠡᠰᠢᠭᠦᠳ ᠡᠨᠡ ᠬᠦ ᠰᠠᠨᠠᠭᠤᠯᠭ᠎ᠠ ᠶᠢ ᠨᠠᠮ ᠤᠨ ᠬᠤᠷᠢᠶ᠎ᠠ᠂ | ᠵᠠᠰᠠᠭ ᠤᠨ ᠣᠷᠳᠣᠨ ᠳᠤ ᠬᠠᠷᠢᠭᠤ ᠲᠤᠰᠬᠠᠭᠰᠠᠨ ᠤ ᠳᠠᠷᠠᠭ᠎ᠠ᠂ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠲᠦᠷᠦᠭᠦᠯᠡᠨ ᠬᠤᠸᠠᠩ ᠲᠤ ᠲᠣᠰᠬᠤᠨ ᠳᠤ 1680 ᠲᠡᠭᠰᠢ ᠳᠥᠷᠪᠡᠯᠵᠢᠨ ᠮᠧᠳ᠋ᠷ ᠢ ᠢᠯᠭᠠᠬᠤ᠂ | ᠪᠣᠭᠤᠳᠠᠯᠯᠠᠬᠤ᠂ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠲᠥᠪᠯᠡᠷᠡᠭᠦᠯᠦᠨ | ᠲᠠᠷᠬᠠᠭᠠᠬᠤ ᠲᠥᠪ ᠢ ᠪᠠᠶᠢᠭᠤᠯᠵᠤ᠂ ᠪᠠᠰᠠ 383 ᠲᠦᠮᠡᠨ ᠲᠥᠭᠦᠷᠢᠭ ᠤᠨ ᠪᠠᠯᠠ ᠣᠷᠣᠭᠤᠯᠵᠤ ᠢᠳᠡᠰᠢᠨ | ᠨᠣᠭᠤᠭ᠎ᠠ ᠪᠣᠭᠤᠳᠠᠯᠯᠠᠬᠤ ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠭᠤᠤᠯᠳᠠᠭᠤ ᠲᠤᠬᠠᠶ ᠶᠢᠨ ᠭᠠᠵᠠᠷ ᠤᠨ | ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠲᠡᠭᠡᠭᠡᠪᠦᠷᠢᠯᠡᠨ ᠪᠣᠷᠣᠯᠠᠭᠤᠯᠬᠤ ᠳᠤ ᠪᠣᠭᠤᠳᠠᠯ ᠪᠠᠭᠯᠠᠭ᠎ᠠ ᠶᠢᠨ | ᠮᠠᠲ᠋ᠧᠷᠢᠶᠠᠯ ᠢ ᠬᠠᠩᠭᠠᠵᠤ᠂ ᠣᠲᠣ ᠡᠳᠦᠷ ᠤᠨ ᠭᠠᠷᠤᠯᠲᠠ 3 ᠲᠦᠮᠡᠨ ᠬᠥᠭᠡᠰᠦᠷᠬᠡᠭ ᠬᠠᠶᠢᠷᠴᠠᠭ ᠲᠤ ᠬᠦᠷᠴᠦ᠂ | ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠯᠬᠢᠶ᠎ᠡ ᠤᠯᠠᠮ ᠨᠢᠭᠡ ᠠᠯᠬᠤᠮ ᠲᠡᠭᠦᠯᠳᠡᠷᠵᠢᠪᠡ᠃ | ᠡᠭᠦᠨ ᠠᠴᠠ ᠭᠠᠳᠠᠨ᠎ᠠ᠂ ᠦᠨᠳᠦᠰᠦᠲᠡᠨ ᠤ ᠪᠦᠯᠬᠦᠮᠳᠡᠯ ᠰᠢᠶᠠᠩ ᠤᠨ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠨᠡᠶᠢᠭᠡᠮ ᠤᠨ ᠵᠠᠰᠠᠯᠲᠠ ᠳᠤ ᠢᠳᠡᠪᠬᠢᠲᠡᠶ ᠣᠷᠣᠯᠴᠠᠵᠤ᠂ ︽ᠶᠡᠭᠡ ᠵᠢᠭᠰᠠᠭᠠᠨ ᠪᠠᠶᠢᠴᠠᠭᠠᠬᠤ᠂ ᠶᠡᠬᠡᠪᠡᠷ | ᠡᠬᠢᠯᠡᠬᠦ᠂ ᠶᠡᠬᠡᠪᠡᠷ ᠠᠷᠢᠯᠭᠠᠬᠤ︾ ᠠᠵᠢᠯᠯᠠᠭ᠎ᠠ ᠪᠠᠷ ᠳᠠᠮᠵᠢᠭᠤᠯᠤᠨ ᠪᠥᠬᠦ ᠰᠢᠶᠠᠩ ᠳᠤ ᠵᠥᠷᠢᠴᠡᠯ ᠤᠨ ᠳᠠᠯᠳᠠ ᠬᠡᠮ ᠢ | ᠨᠡᠶᠢᠲᠡ 76 ᠬᠤᠪᠢ ᠵᠢᠭᠰᠠᠭᠠᠨ ᠪᠠᠶᠢᠴᠠᠭᠠᠵᠤ᠂ ᠨᠢᠭᠡᠨᠲᠡ 68 ᠬᠤᠪᠢ ᠶᠢ ᠨᠢ ᠭᠦᠢᠴᠡᠳᠬᠡᠵᠦ᠂ ᠶᠠᠭ 6 | ᠬᠤᠪᠢ ᠶᠢ ᠨᠢ ᠭᠦᠢᠴᠡᠳᠬᠡᠵᠦ᠂ 2 ᠬᠤᠪᠢ ᠶᠢ ᠨᠢ ᠭᠦᠢᠴᠡᠳᠬᠡᠭᠰᠡᠨ ᠥᠬᠡᠶ᠃ ᠰᠤᠷᠪᠤᠯᠵᠢᠯᠠᠨ ᠪᠠᠶᠢᠴᠠᠭᠠᠵᠤ | ᠠᠷᠠᠳ ᠤᠨ ᠰᠡᠳᠬᠢᠯ ᠳᠤ ᠣᠷᠣᠵᠤ᠂ ᠠᠷᠠᠳ ᠲᠦᠮᠡᠨ ᠳᠤ ᠦᠢᠯᠡᠴᠢᠯᠡᠬᠦ ︽ᠥᠴᠦᠬᠡᠨ ᠴᠦ ᠵᠠᠶ ᠦᠭᠡᠢ︾᠃ ︽ | ᠬᠤᠶᠠᠷ ᠲᠥᠯᠥᠭᠡᠯᠡᠭᠴᠢ ᠨᠢᠭᠡ ᠭᠡᠰᠢᠭᠦᠨ︾ ᠦᠷᠭᠦᠯᠵᠢᠯᠡᠨ ᠦᠨᠳᠦᠰᠦᠨ ᠱᠠᠲᠤᠨ ᠳᠤ ᠬᠦᠷᠴᠦ᠂ ᠣᠯᠠᠨ | ᠲᠦᠮᠡᠨ ᠲᠠᠢ ᠢᠯᠡᠭᠦᠬᠡᠨ ᠬᠠᠷᠢᠯᠴᠠᠵᠤ᠂ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ | ᠪᠠᠶᠢᠭ᠎ᠠ ᠠᠰᠠᠭᠤᠳᠠᠯ ᠢ ᠱᠠᠯᠠᠪᠳᠠᠭᠤᠯᠤᠨ ᠰᠢᠢᠳᠪᠤᠷᠢᠯᠡᠵᠤ ᠰᠢᠢᠳᠪᠤᠷᠢᠯᠡᠬᠦ ᠶᠢ ᠠᠬᠢᠭᠤᠯᠵᠤ᠂ ᠦᠨᠡᠨ ᠬᠦ ᠣᠯᠠᠨ | ᠲᠦᠮᠡᠨ ᠪᠣᠯᠤᠨ ᠨᠠᠮ ᠪᠣᠯᠤᠨ ᠵᠠᠰᠠᠭ ᠤᠨ ᠣᠷᠳᠣᠨ ᠤ ᠬᠤᠭᠤᠷᠣᠨᠳᠣᠬᠢ ᠬᠠᠷᠢᠯᠴᠠᠬᠤ ︽ᠰᠡᠳᠬᠢᠯ ᠤᠨ ᠬᠥᠭᠦᠷᠭᠡ︾ | ᠪᠣᠯᠬᠤ ᠪᠣᠯᠤᠨ᠎ᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |