ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠶᠠᠭ ᠴᠠᠭ ᠲᠠᠭᠠᠨ ᠪᠠᠶᠢᠨ᠎ᠠ
ᠨᠡᠶᠢᠲᠡᠯᠡᠭᠰᠡᠨ ᠴᠠᠭ᠄
2024/5/14
     ᠬᠥᠮᠦᠨ ᠬᠠᠷ᠎ᠠ ᠰᠠᠶᠢᠲᠤᠷ ᠠᠵᠢᠯᠯᠠᠵᠤ᠂ ᠬᠠᠪᠤᠷ ᠤᠨ ᠲᠠᠷᠢᠶᠠᠯᠠᠭ᠎ᠠ ᠶᠠᠭᠠᠷᠠᠯᠳᠤᠨ᠎ᠠ᠃ ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠴᠠᠭ ᠪᠠᠶᠢᠵᠤ᠂ ᠬᠡᠳᠦᠨ ᠡᠳᠦᠷ ᠤᠨ ᠲᠤᠷᠰᠢ᠂ ᠴᠧᠩ ᠭᠤᠸᠠᠨ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠲᠠᠷᠢᠶᠠᠨ ᠭᠠᠵᠠᠷ ᠲᠤ ᠮᠠᠰᠢ ᠶᠠᠭᠠᠷᠠᠯᠲᠠᠶ ᠪᠠᠶᠢᠳᠠᠯ ᠢᠯᠡᠷᠡᠪᠡ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠦᠷ᠎ᠡ ᠪᠦᠲᠦᠮᠵᠢ ᠶᠢ ᠠᠷᠠᠳ ᠠᠴᠠ ᠠᠰᠠᠭᠤᠵᠤ᠂ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠳᠤ ᠢᠳᠡᠪᠬᠢᠲᠡᠶ ᠬᠦᠴᠦᠨ ᠨᠡᠮᠡᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ᠬᠤᠷᠳᠤᠴᠠ ᠪᠠᠨ ᠲᠦᠷᠭᠡᠳᠬᠡᠬᠦ︾ ᠪᠠᠷ ᠬᠦᠴᠦᠯᠡᠨ ᠴᠢᠷᠮᠠᠶᠢᠵᠤ᠂ ᠡᠨᠡ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠴᠧᠩ ᠭᠤᠸᠠᠨ ᠪᠠᠯᠭᠠᠰᠤ ᠶᠢᠨ ︽ᠬᠤᠶᠠᠷ ᠲᠥᠯᠥᠭᠡᠯᠡᠭᠴᠢᠳ ᠤᠨ ᠬᠦᠰᠦᠨᠦᠭᠲᠦ ᠨᠢᠭᠡ ᠭᠡᠰᠢᠭᠦᠨ︾ ᠰᠦᠯᠵᠢᠶᠡᠨ ᠳᠡᠭᠡᠷ᠎ᠡ ᠭᠠᠷ ᠤᠲᠠᠰᠤᠨ ᠤ ᠦᠵᠦᠭᠦᠷ ᠤᠨ ᠸᠢᠴᠠᠲ ᠤᠨ ︽ᠵᠢᠵᠢᠭ ᠫᠷᠤᠭ᠍ᠷᠠᠮ︾᠂ ᠰᠦᠯᠵᠢᠶᠡᠨ ᠭᠠᠳᠠᠨ᠎ᠠ ᠰᠤᠷᠪᠤᠯᠵᠢᠯᠠᠬᠤ ᠪᠠᠷ ᠳᠠᠮᠵᠢᠭᠤᠯᠤᠨ᠂ ᠲᠠᠷᠢᠶᠠᠨ ᠭᠠᠵᠠᠷ ᠲᠤ ᠭᠦᠨᠵᠡᠭᠡᠶᠢᠷᠡᠨ ᠣᠯᠠᠨ ᠲᠦᠮᠡᠨ ᠳᠤ ᠲᠠᠷᠢᠶᠠᠴᠢᠳ ᠢ ᠪᠠᠶᠠᠵᠢᠭᠤᠯᠤᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠠᠮᠤᠭ ᠤᠨ ᠰᠢᠨ᠎ᠡ ᠴᠠᠭ ᠠᠭᠤᠷ ᠤᠨ ᠪᠠᠶᠢᠳᠠᠯ ᠢ ᠴᠠᠭ ᠲᠤᠬᠠᠶ ᠳᠤᠨᠢ ᠬᠦᠷᠭᠡᠵᠦ᠂ ᠲᠠᠷᠢᠶᠠᠴᠢᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠡᠷᠲᠡ ᠲᠥᠯᠥᠪᠵᠢᠭᠦᠯᠬᠦ᠂ ᠡᠷᠲᠡ ᠪᠡᠯᠡᠳᠬᠡᠬᠦ᠂ ᠡᠷᠲᠡ ᠲᠣᠬᠢᠷᠠᠭᠤᠯᠬᠤ᠂ ᠡᠷᠲᠡ ᠨᠠᠶᠢᠳᠠᠪᠤᠷᠢᠵᠢᠭᠤᠯᠬᠤ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠲᠠᠷᠢᠶᠠᠴᠢᠳ ᠤᠨ ᠠᠮᠤ ᠪᠤᠳᠠᠭᠠᠨ ᠤ ᠦᠢᠯᠡᠳᠪᠦᠷᠢᠯᠡᠯ ᠥᠷᠨᠢᠭᠦᠯᠬᠦ ᠢᠳᠡᠪᠬᠢᠵᠢᠯ ᠢ ᠭᠦᠢᠴᠡᠳ ᠳᠠᠶᠢᠴᠢᠯᠠᠨ᠂ ᠬᠠᠪᠤᠷ ᠤᠨ ᠲᠠᠷᠢᠶᠠᠯᠠᠭ᠎ᠠ ᠶᠢᠨ ᠬᠠᠯᠠᠭᠤᠨ ᠥᠷᠨᠢᠯᠲᠡ ᠶᠢ ᠪᠥᠬᠦ ᠲᠠᠯ᠎ᠠ ᠪᠠᠷ ᠪᠣᠶ ᠪᠣᠯᠭᠠᠪᠠ᠃ ᠡᠭᠦᠨ ᠤ ᠬᠠᠮᠲᠤ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠭᠳᠡᠬᠦ ᠡᠲᠡᠭᠡᠳ ᠤᠨ 2024 ᠣᠨ ᠤ ᠨᠢᠭᠡᠳᠦᠭᠡᠷ ᠤᠯᠠᠷᠢᠯ ᠤᠨ ᠬᠥᠳᠡᠯᠦᠩᠭᠦᠢ ᠬᠠᠮᠢᠶᠠᠷᠤᠯᠲᠠ ᠶᠢᠨ ᠵᠢᠭᠰᠠᠭᠠᠨ ᠪᠠᠶᠢᠴᠠᠭᠠᠬᠤ ᠠᠵᠢᠯ ᠪᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠤᠯᠠᠨ ᠲᠦᠮᠡᠨ ᠤ ︽ᠵᠣᠯ ᠵᠢᠷᠭᠠᠯ ᠤᠨ ᠲᠠᠩᠰᠠ︾ ᠶᠢ ᠤᠯᠠᠮ ᠵᠤᠵᠠᠭᠠᠳᠬᠠᠵᠠᠢ᠃      ᠴᠧᠩ ᠭᠤᠸᠠᠨ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠨᠢ ᠲᠣᠰᠬᠤᠨ ᠤ ᠠᠷᠠᠳ ᠤᠨ ᠬᠠᠪᠤᠷ ᠤᠨ ᠲᠠᠷᠢᠶᠠᠯᠠᠭ᠎ᠠ ᠳᠤ ᠢᠳᠡᠪᠬᠢᠲᠡᠶ ᠬᠦᠴᠦᠨ ᠨᠡᠮᠡᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ᠂ ᠲᠠᠷᠢᠶᠠᠯᠠᠩ ᠤᠨ ᠮᠠᠰᠢᠨ ᠤ ᠠᠵᠢᠯ ᠤᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠶᠠᠴᠢᠳ ᠢ ᠬᠠᠪᠰᠤᠷᠤᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ 0.012mm ᠠᠴᠠ ᠳᠡᠭᠡᠭᠰᠢ ᠵᠤᠵᠠᠭᠠᠨ ᠰᠦᠯᠢᠶᠣᠣ ᠪᠦᠷᠬᠦᠪᠴᠢ ᠶᠢ ᠬᠤᠳᠠᠯᠳᠤᠨ ᠠᠪᠤᠭᠤᠯᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠥᠷᠥᠰᠥ ᠰᠢᠷᠣᠶ ᠶᠢᠨ ᠰᠢᠨᠵᠢ ᠴᠢᠨᠠᠷ ᠪᠠ ᠲᠣᠰᠬᠤᠨ ᠤ ᠳᠦᠷᠰᠦ ᠪᠠᠶᠢᠳᠠᠯ ᠤᠨ ᠣᠷᠴᠢᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠵᠤ᠂ ᠪᠥᠬᠦ ᠪᠠᠯᠭᠠᠰᠤᠨ ᠤ ᠲᠠᠷᠢᠶᠠᠯᠠᠩ ᠤᠨ ᠪᠣᠬᠢᠷᠲᠤᠯ ᠥᠬᠡᠶ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ᠃ ᠰᠤᠷᠪᠤᠯᠵᠢᠯᠠᠬᠤ ᠶᠠᠪᠤᠴᠠ ᠳᠤ᠂ ᠲᠥᠯᠥᠭᠡᠯᠡᠭᠴᠢ ᠭᠡᠰᠢᠭᠦᠳ ᠲᠣᠰᠬᠤᠨ ᠤ ᠠᠷᠠᠳ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠲᠠᠷᠢᠶᠠᠴᠢᠨ ᠡᠷᠦᠬᠡ ᠶᠢᠨ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠲᠠᠷᠢᠶᠠᠴᠢᠳ ᠲᠤ ᠣᠶᠢᠯᠠᠭᠠᠭᠤᠯᠤᠨ᠂ ᠲᠣᠳᠣᠷᠬᠠᠶ ᠪᠣᠯᠭᠠᠵᠤ᠂ ᠬᠢᠵᠦ ᠥᠭᠴᠦ᠂ ᠲᠠᠷᠢᠶᠠᠴᠢᠳ ᠢ ᠬᠠᠪᠰᠤᠷᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠶᠠᠪᠤᠴᠠ ᠳᠤ ᠲᠤᠯᠭᠠᠷᠠᠭᠰᠠᠨ ᠪᠣᠳᠠᠲᠠᠶ ᠬᠦᠴᠢᠷᠳᠡᠯ ᠪᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠴᠠᠭ ᠲᠤᠬᠠᠶ ᠳᠤᠨᠢ ᠪᠠᠯᠭᠠᠰᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠡᠨᠡ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤ ᠶᠢᠨ ᠬᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ ᠲᠠᠷᠢᠶᠠᠴᠢᠨ ᠡᠷᠦᠬᠡ ᠲᠠᠢ ᠬᠠᠮᠲᠤ ᠬᠠᠪᠤᠷ ᠤᠨ ᠲᠠᠷᠢᠶᠠᠯᠠᠭ᠎ᠠ ᠶᠢᠨ ᠬᠠᠯᠠᠭᠤᠨ ᠥᠷᠨᠢᠯᠲᠡ ᠳᠤ ᠣᠷᠣᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠵᠦ᠂ ᠤᠨᠠᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3