ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠲᠤᠬᠠᠶ ᠮᠡᠳᠡᠭᠡᠯᠡᠯ ᠢ ᠰᠣᠨᠣᠰᠪᠠ
ᠨᠡᠶᠢᠲᠡᠯᠡᠭᠰᠡᠨ ᠴᠠᠭ᠄
2024/5/15
     ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 2023 ᠣᠨ ᠤ 8 ᠰᠠᠷ᠎ᠠ ᠶᠢᠨ 7᠎ ᠤ ᠡᠳᠦᠷ ᠠᠴᠠ 10 ᠰᠠᠷ᠎ᠠ ᠶᠢᠨ 31᠎ ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠠᠵᠢᠯᠴᠢᠨ ᠤ ᠶᠡᠷᠦᠩᠬᠡᠶ ᠡᠪᠯᠡᠯ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠪᠡ᠃ 12 ᠰᠠᠷ᠎ᠠ ᠶᠢᠨ 27᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃ ᠲᠣᠭᠤᠷᠢᠨ ᠪᠠᠶᠢᠴᠠᠭᠠᠬᠤ ᠠᠵᠢᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠡᠳᠦᠭᠡ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠨᠡᠶᠢᠲᠡᠯᠡᠪᠡ᠃      ︵ᠨᠢᠭᠡ︶ ᠨᠠᠮ ᠤᠨ ᠲᠥᠪ ᠬᠤᠷᠢᠶᠠᠨ ᠤ ᠡᠯ᠎ᠡ ᠵᠦᠢᠯ ‍ᠤᠨ‌‍ᠰᠢᠢᠳᠪᠦᠷᠢᠳᠦ ᠪᠣᠳᠣᠯᠭ᠎ᠠ ᠶᠢᠨ ᠪᠠᠢᠷᠢᠯᠠᠭᠤᠯᠤᠯᠲᠠ ᠶᠢ ᠨᠠᠶᠢᠳᠠᠪᠦᠷᠢᠵᠢᠭᠦᠯᠵᠦ ᠦᠨᠳᠦᠰᠦᠨ ᠱᠠᠲᠤᠨ ᠳᠤ  ᠨᠠᠶᠢᠳᠠᠪᠦᠷᠢᠵᠢᠭᠦᠯᠬᠤ ᠳᠤ ᠵᠥᠷᠢᠶ᠎ᠡ ᠲᠠᠢ      1. ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠲᠤᠤᠱᠯᠠᠭᠤᠯᠬᠤ ᠵᠢᠴᠢ ᠳᠡᠭᠡᠳᠦ ᠱᠠᠲᠤᠨ ᠤ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠪᠣᠳᠠᠲᠠᠶᠢᠵᠢᠭᠤᠯᠤᠭᠰᠠᠨ ᠦᠭᠡᠶ᠃      ︵1︶ ᠨᠠᠮ ᠤᠨ ᠤᠳᠤᠷᠢᠳᠬᠤ ᠳᠤᠭᠤᠶᠢᠯᠠᠩ 2022 ᠣᠨ ᠤ 1 ᠰᠠᠷ᠎ᠠ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾᠎ ᠶᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠰᠤᠷᠤᠯᠴᠠᠭᠰᠠᠨ ᠦᠭᠡᠢ︔ 2020 ᠣᠨ ᠤ 12 ᠰᠠᠷ᠎ᠠ ᠳᠤ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠪᠠᠭᠤᠯᠭᠠᠭᠰᠠᠨ ︽ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠶᠠᠨ ᠤ ᠱᠠᠲᠤᠨ ᠤ ᠠᠵᠢᠯᠴᠢᠨ ᠤ ᠡᠪᠯᠡᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠭᠰᠠᠨ ᠦᠭᠡᠢ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ᠂ ᠰᠤᠷᠤᠯᠴᠠᠯᠭ᠎ᠠ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ 2024 ᠤᠨ ᠤ 2 ᠰᠠᠷ᠎ᠠ ᠶᠢᠨ 2᠎ ᠤᠨ ᠡᠳᠦᠷ ᠪᠠ 2 ᠰᠠᠷ᠎ᠠ ᠶᠢᠨ 7᠎ ᠤ ᠡᠳᠦᠷ ᠤᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠷᠢᠳ ᠬᠤᠵᠢᠳ ᠪᠠᠭ ᠤᠨ ᠪᠦᠷᠢᠯᠳᠦᠬᠦᠨ ᠪᠠ ᠪᠠᠶᠢᠭᠤᠯᠭ᠎ᠠ ᠶᠢᠨ ᠠᠵᠢᠯᠲᠠᠳ ᠢ ᠵᠣᠬᠢᠶᠠᠨ ᠪᠠᠶᠢᠭᠤᠯᠵᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾ ᠪᠠ ︽ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠤᠨ ᠰᠢᠶᠠᠨ ᠤ ᠱᠠᠲᠤᠨ ᠤ ᠠᠵᠢᠯᠴᠢᠨ ᠤ ᠡᠪᠯᠡᠯ ᠤᠨ ᠪᠠᠶᠢᠭᠤᠯᠤᠯᠲᠠ ᠶᠢ ᠴᠢᠩᠭᠠᠳᠬᠠᠬᠤ ᠰᠠᠨᠠᠯ︾᠎ ᠢ ᠰᠤᠷᠤᠯᠴᠠᠪᠠ︔ ᠬᠤᠶᠠᠷ ᠲᠤ᠂ ᠰᠤᠷᠤᠯᠴᠠᠯᠭ᠎ᠠ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠪᠠ᠃ ᠰᠤᠷᠤᠯᠴᠠᠬᠤ ᠴᠠᠭ ᠪᠠ ᠠᠭᠤᠯᠭ᠎ᠠ ᠶᠢ ᠵᠦᠶ ᠵᠣᠬᠢᠰᠲᠠᠶ ᠳᠣᠭᠢᠷᠠᠭᠤᠯᠵᠤ᠂ ᠰᠤᠷᠤᠯᠴᠠᠬᠤ ᠬᠠᠷᠠᠯᠲᠠ ᠡᠭᠦᠷᠭᠡ᠂ ᠰᠤᠷᠤᠯᠴᠠᠬᠤ ᠭᠤᠤᠯᠳᠠᠯᠭ᠎ᠠ ᠪᠠ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠪᠠ︔ ᠭᠤᠷᠪᠠ ᠳᠤ᠂ ᠰᠤᠷᠤᠯᠴᠠᠵᠤ ᠤᠬᠠᠭᠤᠯᠬᠤ ᠬᠡᠯᠪᠡᠷᠢ ᠶᠢ ᠪᠠᠶᠠᠯᠢᠭᠵᠢᠭᠤᠯᠤᠨ᠎ᠠ᠃ ᠪᠠᠶᠢᠭᠤᠯᠭ᠎ᠠ ᠶᠢᠨ ᠺᠠᠳ᠋ᠷᠴᠤᠳ ᠢ ᠵᠣᠬᠢᠶᠠᠨ ᠪᠠᠶᠢᠭᠤᠯᠵᠤ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠢ ᠠᠰᠢᠭᠯᠠᠨ ᠤᠯᠤᠰ ᠲᠥᠷᠥ ᠶᠢᠨ ᠣᠨᠣᠯ ᠤᠨ ᠮᠡᠳᠡᠯᠭᠡ ᠶᠢ ᠥᠪᠡᠰᠦᠪᠡᠨ ᠰᠤᠷᠤᠯᠴᠠᠭᠤᠯᠬᠤ ᠶᠢᠨ ᠬᠠᠮᠲᠤ ︽ᠬᠤᠶᠠᠷ ᠬᠥᠮᠦᠨ ᠤ ᠤᠷᠤᠯᠳᠤᠭᠠᠨ︾᠎ ᠤ ᠵᠠᠭᠪᠤᠷ ᠢ ᠠᠰᠢᠭᠯᠠᠨ ᠰᠣᠨᠢᠷᠬᠠᠯᠲᠤ ᠤᠷᠤᠯᠳᠤᠭᠠᠨ ᠶᠠᠪᠤᠭᠤᠯᠵᠤ᠂ ᠠᠳᠠᠯᠢᠳᠬᠠᠬᠤ ᠰᠤᠷᠤᠯᠴᠠᠬᠤ ᠭᠦᠢᠴᠡᠬᠦ ᠬᠠᠪᠰᠤᠷᠬᠤ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠨ᠎ᠠ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      2. ᠠᠵᠤ ᠠᠬᠤᠶᠢᠯᠠᠯ ᠪᠣᠯᠤᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠪᠦᠯᠬᠦᠮ ᠪᠠᠶᠢᠭᠤᠯᠬᠤ ᠶᠢ ᠠᠬᠢᠭᠤᠯᠬᠤ ᠨᠢ ᠵᠥᠷᠢᠶ᠎ᠡ ᠲᠠᠢ ᠪᠠᠶᠢᠨ᠎ᠠ᠃      ︵2︶ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢ ᠠᠬᠢᠭᠤᠯᠬᠤ ᠬᠥᠳᠡᠯᠮᠦᠷᠢᠴᠢᠳ ᠤᠨ ᠡᠪᠯᠡᠯ ᠪᠠᠶᠢᠭᠤᠯᠬᠤ ᠳᠤ ᠪᠠᠯᠠᠶ ᠣᠷᠣᠨ ᠣᠷᠣᠰᠢᠵᠤ᠂ ︽ᠨᠠᠢᠮᠠᠨ ᠶᠡᠭᠡ ᠬᠠᠮᠲᠤᠯᠢᠭ︾᠎ ᠤᠨ ᠳᠤᠮᠳᠠᠳᠤ ᠲᠠᠪᠴᠠᠩ ᠤᠨ ᠠᠵᠤ ᠠᠬᠤᠶᠢᠯᠠᠯ ᠪᠣᠯᠬᠤ ᠠᠮᠧᠷᠢᠺᠠ ᠶᠢᠨ ᠪᠦᠯᠬᠦᠮ ᠤᠨ ᠭᠠᠳᠠᠨ᠎ᠠ ᠠᠴᠠ ᠬᠤᠳᠠᠯᠳᠤᠬᠤ ᠪᠠ ᠶᠦᠩ ᠰᠢᠩ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠴᠥᠮ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠠᠳᠤᠶ ᠪᠠᠶᠢᠵᠤ᠂ ᠰᠢᠩ ᠾᠧ ᠰᠢᠶᠠᠨ ᠤ ᠱᠧᠩ ᠹᠧᠩ ᠠᠮᠤ ᠪᠤᠳᠠᠭ᠎ᠠ ᠨᠥᠭᠡᠴᠡᠯᠡᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠢᠩ ᠱᠠᠨ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠰᠢᠩ ᠾᠧ ᠰᠢᠶᠠᠨ ᠤ ᠲᠠᠢ ᠶᠠᠩ ᠡᠨᠧᠷᠭᠢ ᠶᠢᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠵᠡᠷᠭᠡ ᠤᠯᠤᠰ ᠤᠨ ᠥᠮᠴᠢᠯᠡᠯ ᠤᠨ 5 ᠠᠵᠤ ᠠᠬᠤᠶᠢᠯᠠᠯ ᠤᠨ ᠳᠣᠲᠣᠷ᠎ᠠ ᠵᠥᠪᠬᠡᠨ 1 ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠᠶᠢᠭᠤᠯᠵᠤ᠂ ᠪᠤᠰᠤᠳ 4 ᠡᠷᠦᠬᠡ ᠵᠢᠴᠢ 7 ᠬᠤᠪᠢᠶᠠᠷᠢ ᠺᠣᠮᠫᠠᠨᠢ ᠴᠥᠮ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠥᠬᠡᠶ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ ᠳᠡᠶᠢᠯᠬᠦ ᠥᠬᠡᠶ ᠪᠠᠶᠢᠨ᠎ᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ᠂ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠪᠠ᠃ ᠪᠦᠬᠦ ᠰᠢᠶᠠᠨ ᠤ ᠬᠡᠪᠴᠢᠶᠡᠨ ᠳᠤ ᠪᠠᠶᠢᠭᠤᠯᠤᠭᠠᠳᠤᠶ ᠨᠡᠶᠢᠭᠡᠮᠯᠢᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠪᠠᠶᠢᠴᠠᠭᠠᠯᠲᠠ ᠬᠢᠵᠦ᠂ ᠡᠭᠦᠨ ᠳᠤ ᠪᠠᠶᠢᠭᠤᠯᠤᠭᠳᠠᠭᠰᠠᠨ ᠦᠭᠡᠢ 4 ᠺᠣᠮᠫᠠᠨᠢ ᠵᠢᠴᠢ 7 ᠬᠤᠪᠢᠶᠠᠷᠢ ᠺᠣᠮᠫᠠᠨᠢ ᠶᠢᠨ ᠬᠥᠮᠦᠨ ᠤ ᠲᠤᠭ᠎ᠠ ᠨᠢ ᠪᠠᠶᠢᠭᠤᠯᠬᠤ ᠪᠠᠷᠢᠮᠵᠢᠶ᠎ᠠ ᠳᠤ ᠬᠦᠷᠦᠭᠰᠡᠨ ᠦᠭᠡᠢ ᠠᠴᠠ ᠪᠣᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾᠎ ᠶᠢᠨ ᠠᠷᠪᠠᠳᠤᠭᠠᠷ ᠵᠦᠢᠯ᠄ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠪᠠᠶᠢᠭᠤᠯᠭ᠎ᠠ ᠳᠤ ᠬᠤᠷᠢᠨ ᠲᠠᠪᠤ ᠠᠴᠠ ᠳᠡᠭᠡᠭᠰᠢ ᠭᠡᠰᠢᠭᠦᠨ ᠲᠠᠢ ᠪᠠᠶᠢᠪᠠᠯ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠥᠪᠯᠡᠯ ᠪᠠᠶᠢᠭᠤᠯᠬᠤ ᠨᠥᠬᠦᠴᠡᠯ ᠱᠠᠭᠠᠷᠳᠠᠯᠭ᠎ᠠ ᠳᠤ ᠨᠡᠶᠢᠴᠡᠭᠰᠡᠨ ᠦᠭᠡᠢ᠃ ᠶᠦᠩ ᠰᠢᠩ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠨᠢᠭᠡᠨᠲᠡ ᠪᠠᠶᠢᠭᠤᠯᠤᠭᠳᠠᠵᠠᠢ᠃ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢ ᠪᠠᠶᠢᠩᠭᠤᠵᠢᠭᠤᠯᠬᠤ ᠠᠵᠢᠯ ᠪᠣᠯᠭᠠᠬᠤ ᠶᠢ ᠪᠠᠷᠢᠮᠲᠠᠯᠠᠵᠤ ᠂ ᠰᠢᠨ᠎ᠡ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠪᠯᠡᠯ ᠪᠠᠶᠢᠭᠤᠯᠬᠤ ᠶᠢ ᠦᠷᠭᠦᠯᠵᠢᠯᠡᠨ ᠤᠬᠠᠭᠤᠯᠤᠨ ᠠᠬᠢᠭᠤᠯᠪᠠ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      3. ᠬᠡᠪᠰᠢᠭᠦᠯᠦᠨ ᠤᠬᠠᠭᠤᠯᠬᠤ ᠠᠵᠢᠯ ᠢ ᠥᠷᠨᠢᠭᠦᠯᠬᠦ ᠲᠠᠯ᠎ᠠ ᠪᠠᠷ ᠵᠥᠷᠢᠶ᠎ᠡ ᠲᠠᠢ ᠪᠠᠶᠢᠨ᠎ᠠ᠃      ︵3︶ ᠰᠢᠶᠠᠨ ᠤ ᠠᠵᠢᠯᠴᠢᠨ ᠤ ᠶᠡᠷᠦᠩᠬᠡᠶ ᠡᠪᠯᠡᠯ ︽ᠤᠮᠠᠷᠠᠲᠤ ᠬᠢᠯᠢ ᠶᠢᠨ ᠠᠵᠤ ᠦᠢᠯᠡᠳᠪᠦᠷᠢ ᠳᠤ ᠠᠰᠢᠭ ᠬᠦᠷᠲᠡᠭᠡᠬᠦ︾ APP᠎ ᠶᠢ ᠳᠡᠩᠰᠡᠯᠡᠵᠦ ᠬᠡᠷᠡᠭᠯᠡᠬᠦ ᠠᠵᠢᠯ ᠤᠳᠠᠭᠠᠰᠢᠷᠠᠵᠤ᠂ ᠲᠣᠭᠤᠷᠢᠨ ᠪᠠᠶᠢᠴᠠᠭᠠᠵᠤ ᠳᠠᠭᠤᠰᠬᠤ ᠳᠤ ᠭᠦᠷᠪᠡᠯ᠂ ᠪᠥᠬᠦ ᠰᠢᠶᠠᠨ ᠤ 18100 ᠠᠵᠢᠯᠴᠢᠨ ᠤ ᠡᠪᠯᠡᠯ ᠤᠨ ᠭᠡᠰᠢᠭᠦᠨ ᠤ ᠦᠨᠡᠨ ᠨᠡᠷ᠎ᠡ ᠶᠢᠨ ᠲᠦᠷᠢᠮ ᠤᠨ ᠳᠠᠩᠰᠠᠯᠠᠭᠤᠯᠤᠭᠰᠠᠨ ᠨᠣᠷᠮ᠎ᠠ ᠵᠥᠪᠬᠡᠨ 8% ᠪᠠᠶᠢᠵᠤ᠂ ᠳᠡᠭᠡᠳᠦ ᠱᠠᠲᠤᠨ ᠤ 30%᠎ ᠶᠢᠨ ᠬᠠᠷᠢᠴᠠᠯ ᠢᠶᠠᠷ ᠨᠡᠯᠢᠶᠡᠳ ᠶᠡᠭᠡ ᠵᠥᠷᠢᠶ᠎ᠡ ᠲᠠᠢ ᠪᠠᠶᠢᠪᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ᠂ ᠲᠤᠰᠬᠠᠶ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ᠃ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠬᠠᠷᠢᠭᠤᠴᠠᠯᠭᠠᠲᠠᠨ ᠢ ᠴᠤᠭᠯᠠᠭᠤᠯᠤᠨ ᠲᠤᠰᠬᠠᠶ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ︔ ᠬᠤᠶᠠᠷ ᠲᠤ᠂ ᠲᠤᠰᠬᠠᠶ ᠠᠵᠢᠯ ᠢ ᠠᠬᠢᠭᠤᠯᠬᠤ ᠳᠤᠭᠤᠶᠢᠯᠠᠩ ᠪᠠᠶᠢᠭᠤᠯᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠡᠷᠢᠭᠦᠯᠡᠭᠴᠢ ᠹᠧᠩ ᠬᠠᠨ ᠪᠦᠯᠬᠦᠮ ᠳᠠᠭᠠᠭᠤᠯᠤᠨ᠂ ᠲᠤᠰᠬᠠᠶ ᠠᠵᠢᠯ ᠤᠨ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠴᠡᠭ ᠬᠠᠷᠠᠭᠠᠯᠵᠠᠭᠤᠯᠤᠨ ᠦᠨᠳᠦᠰᠦᠨ ᠱᠠᠲᠤᠨ ᠤ ᠠᠵᠢᠯᠴᠢᠨ ᠤ ᠡᠪᠯᠡᠯ ᠳᠤ ᠭᠦᠨᠵᠡᠭᠡᠶᠢᠷᠡᠨ᠂ ︽ᠤᠮᠠᠷᠠᠲᠤ ᠬᠢᠯᠢ ᠶᠢᠨ ᠠᠵᠤ ᠦᠢᠯᠡᠳᠪᠦᠷᠢ ᠳᠤ ᠠᠰᠢᠭ ᠬᠦᠷᠲᠡᠭᠡᠬᠦ︾ APP᠎ ᠶᠢᠨ ᠪᠠᠭᠤᠯᠭᠠᠬᠤ ᠶᠠᠪᠤᠴᠠ ᠶᠢ ᠪᠡᠶ᠎ᠡ ᠪᠠᠷ ᠢᠶᠠᠨ ᠵᠢᠯᠣᠭᠤᠳᠬᠤ ᠶᠢᠨ ᠬᠠᠮᠲᠤ ᠬᠡᠷᠡᠭᠯᠡᠬᠦ ᠠᠷᠭ᠎ᠠ ᠶᠢ ᠲᠠᠶᠢᠯᠪᠤᠷᠢᠯᠠᠨ᠎ᠠ︔ ᠭᠤᠷᠪᠠ ᠳᠤ᠂ ᠤᠬᠠᠭᠤᠯᠤᠨ ᠣᠶᠢᠯᠠᠭᠠᠬᠤ ᠬᠡᠮᠵᠢᠶ᠎ᠡ ᠶᠢ ᠴᠢᠩᠭᠠᠷᠠᠭᠤᠯᠤᠨ᠎ᠠ᠃ ᠠᠵᠢᠯᠴᠢᠨ ᠤ ᠡᠪᠯᠡᠯ ᠤᠨ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠤᠬᠠᠭᠤᠯᠬᠤ ᠵᠡᠷᠭᠡ ᠠᠷᠭ᠎ᠠ ᠪᠠᠷᠢᠯ ᠢ ᠠᠰᠢᠭᠯᠠ APP᠎ ᠶᠢ ᠳᠡᠯᠭᠡᠷᠡᠭᠦᠯᠬᠦ ᠪᠠᠷ ᠳᠠᠮᠵᠢᠭᠤᠯᠤᠨ᠂ ᠣᠳᠣᠬᠠᠨ ᠳᠤ ᠤᠮᠠᠷᠠᠲᠤ ᠬᠢᠯᠢ ᠶᠢᠨ ᠠᠵᠤ ᠦᠢᠯᠡᠳᠪᠦᠷᠢ ᠳᠤ ᠠᠰᠢᠭ ᠬᠦᠷᠲᠡᠭᠡᠬᠦ︾ APP᠎ ᠶᠢ ᠳᠣᠷᠣᠭᠰᠢ ᠪᠠᠭᠤᠯᠭᠠᠬᠤ ᠨᠣᠷᠮ᠎ᠠ 60.7%᠎ ᠳᠤ ᠬᠥᠷᠪᠡ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃      ︵4︶ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠨᠢ ᠱᠢᠨ᠎ᠡ ᠶᠢ ᠡᠭᠦᠳᠬᠦ ᠴᠢᠨᠠᠷ ᠢᠶᠠᠷ ᠳᠤᠲᠠᠮᠠᠭ᠃ ᠠᠵᠢᠯᠴᠢᠨ ᠤ ᠶᠡᠷᠦᠩᠬᠡᠶ ᠡᠪᠯᠡᠯ ᠤᠨ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠲᠥᠪ ᠤᠨ ᠤᠬᠠᠭᠤᠯᠭ᠎ᠠ ᠶᠢᠨ ᠠᠷᠭ᠎ᠠ ᠮᠠᠶ᠋ᠢᠭ ᠨᠢ ᠬᠠᠭᠤᠴᠢᠷᠠᠵᠤ᠂ ᠠᠵᠢᠯᠲᠠᠨ ᠠᠵᠢᠯᠴᠢᠨ ᠤ ᠡᠷᠬᠡ ᠪᠠᠨ ᠬᠠᠮᠠᠭᠠᠯᠠᠬᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠭᠤᠤᠯᠳᠠᠭᠤ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠤᠯᠠᠮᠵᠢᠯᠠᠯᠲᠤ ᠠᠷᠭ᠎ᠠ ᠬᠡᠯᠪᠡᠷᠢ ᠪᠠᠷ ᠭᠤᠤᠯ ᠪᠣᠯᠭᠠᠵᠤ᠂ ᠰᠢᠨ᠎ᠡ ᠶᠢ ᠡᠭᠦᠳᠬᠦ ᠴᠢᠨᠠᠷ ᠢᠶᠠᠷ ᠬᠦᠷᠦᠯᠴᠡᠬᠦ ᠥᠬᠡᠶ᠂ ᠤᠬᠠᠭᠤᠯᠭ᠎ᠠ ᠶᠢᠨ ᠬᠡᠯᠪᠡᠷᠢ ᠨᠢ ᠲᠠᠩ ᠴᠤᠯᠭᠤᠶ᠂ ᠬᠠᠷᠢᠯᠴᠠᠨ ᠬᠥᠳᠡᠯᠦᠯᠴᠡᠬᠦ ᠴᠢᠨᠠᠷ ᠢᠶᠠᠷ ᠳᠤᠲᠠᠮᠠᠭ ᠪᠠᠶᠢᠵᠤ᠂ ᠠᠵᠢᠯᠲᠠᠨ ᠠᠵᠢᠯᠴᠢᠨ ᠣᠯᠠᠨ ᠲᠦᠮᠡᠨ ᠤ ᠣᠷᠣᠯᠴᠠᠬᠤ ᠢᠳᠡᠪᠬᠢᠵᠢᠯ ᠥᠨᠳᠥᠷ ᠪᠢᠰᠢ ᠪᠠᠶᠢᠪᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠤᠯᠠᠮᠵᠢᠯᠠᠯᠲᠤ ᠠᠷᠭ᠎ᠠ ᠮᠠᠶ᠋ᠢᠭ ᠲᠤ ᠲᠦᠰᠢᠭᠯᠡᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠪᠡ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      4. ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠢᠯ ᠢ ᠵᠢᠯᠣᠭᠤᠳᠬᠤ ᠲᠠᠯ᠎ᠠ ᠪᠠᠷ ᠳᠤᠲᠠᠮᠠᠭ ᠪᠠᠶᠢᠨ᠎ᠠ᠃      ︵5︶ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠠᠩᠬᠠᠷᠴᠤ ᠪᠠᠶᠢᠭ᠎ᠠ ᠬᠡᠮᠵᠢᠶ᠎ᠡ ᠬᠦᠷᠦᠯᠴᠡᠬᠦ ᠦᠭᠡᠢ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠪᠣᠳᠠᠲᠠᠶ ᠠᠵᠢᠯ ᠤᠨ ᠳᠤᠮᠳᠠ ᠦᠢᠯᠡᠳᠦᠯ ᠢᠶᠠᠨ ᠢᠯᠡᠳᠲᠡ ᠪᠠᠳᠠᠷᠠᠭᠤᠯᠤᠭᠰᠠᠨ ᠦᠭᠡᠢ᠂ ᠪᠣᠳᠠᠲᠤ ᠠᠵᠢᠯ ᠤᠨ ᠠᠭᠤᠯᠭ᠎ᠠ ᠪᠠ ᠠᠵᠢᠯ ᠤᠨ ᠦᠷ᠎ᠡ ᠪᠦᠲᠦᠭᠡᠯ ᠳᠤᠲᠠᠭᠳᠠᠵᠤ ᠪᠠᠶᠢᠨ᠎ᠠ᠃ ᠬᠡᠰᠡᠭ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠢ ᠪᠦᠷᠢᠨ ᠭᠦᠢᠴᠡᠳ ᠲᠣᠬᠢᠷᠠᠭᠤᠯᠵᠤ᠂ ᠤᠷᠳᠤ ᠬᠤᠭᠤᠴᠠᠭ᠎ᠠ ᠪᠠᠷ ᠬᠤᠭᠤᠴᠠᠭ᠎ᠠ ᠰᠣᠯᠢᠬᠤ ᠦᠭᠡᠢ᠂ ᠵᠢᠱᠢᠶᠡᠯᠡᠪᠡᠯ ᠱᠠᠨ ᠾᠧ ᠣᠨᠴᠠᠭᠠᠢ ᠪᠣᠯᠣᠳ ᠲᠡᠮᠦᠷ ᠤᠨ ᠬᠢᠵᠠᠭᠠᠷᠲᠤ ᠺᠣᠮᠫᠠᠨᠢ ᠶᠢᠨ ᠠᠵᠢᠯᠴᠢᠨ ᠤ ᠡᠪᠯᠡᠯ ᠤᠨ ᠲᠡᠷᠢᠭᠦᠯᠡᠭᠴᠢ 2023 ᠣᠨ ᠤ 4 ᠰᠠᠷ᠎ᠠ ᠳᠤ ᠲᠤᠰᠢᠶᠠᠯ ᠠᠴᠠ ᠪᠠᠨ ᠪᠠᠭᠤᠵᠤ᠂ ᠨᠢᠭᠡᠨ ᠠᠵᠢᠯᠴᠢᠨ ᠤ ᠡᠪᠯᠡᠯ ᠤᠨ ᠭᠡᠰᠢᠭᠦᠨ 2022 ᠣᠨ ᠤ 8 ᠰᠠᠷ᠎ᠠ ᠳᠤ ᠲᠤᠰᠢᠶᠠᠯ ᠠᠴᠠ ᠪᠠᠨ ᠰᠠᠯᠤᠭᠠᠳ᠂ ᠶᠡᠷᠦ ᠠᠴᠠ ᠭᠡᠰᠢᠭᠦᠨ ᠢ ᠨᠦᠬᠦᠵᠦ ᠳᠡᠶᠢᠯᠦᠭᠰᠡᠨ ᠦᠭᠡᠢ᠂ ᠠᠵᠢᠯᠴᠢᠨ ᠤ ᠡᠪᠯᠡᠯ ᠤᠨ ᠠᠵᠢᠯ ᠢ ᠬᠡᠪ ᠤᠨ ᠪᠠᠶᠢᠳᠠᠯ ᠢᠶᠠᠷ ᠦᠷᠨᠢᠭᠦᠯᠬᠦ ᠶᠢᠨ ᠠᠷᠭ᠎ᠠ ᠦᠭᠡᠢ᠃       ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ᠨᠢᠭᠡ ᠳᠤ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠵᠢᠯᠣᠭᠤᠳᠬᠤ ᠪᠠᠨ ᠴᠢᠩᠭᠠᠳᠬᠠᠵᠤ᠂ ︽ᠠᠵᠢᠯᠴᠢᠨ ᠤ ᠡᠪᠯᠡᠯ ᠤᠨ ᠬᠠᠤᠯᠢ︾ ᠪᠣᠯᠤᠨ ᠠᠵᠢᠯᠴᠢᠨ ᠤ ᠡᠪᠯᠡᠯ ᠤᠨ ᠲᠦᠷᠢᠮ ᠵᠡᠷᠭᠡ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠬᠠᠮᠢᠶ᠎ᠠ ᠪᠥᠬᠦᠶ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠬᠤᠭᠤᠴᠠᠭ᠎ᠠ ᠰᠣᠯᠢᠬᠤ᠂ ᠭᠡᠰᠢᠭᠦᠨ ᠢ ᠨᠡᠮᠡᠵᠦ ᠨᠥᠬᠦᠪᠥᠷᠢᠯᠡᠬᠦ ᠵᠡᠷᠭᠡ ᠠᠵᠢᠯ ᠢ ᠬᠢᠨ᠎ᠠ︔ ᠬᠤᠶᠠᠷ ᠲᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠤᠳᠠᠭ᠎ᠠ ᠳᠠᠷᠠᠭ᠎ᠠ ᠶᠢ ᠴᠢᠩᠭᠠᠳᠬᠠᠵᠤ᠂ ᠬᠡᠷᠡᠮ ᠳᠤ ᠭᠠᠷᠬᠤ ᠬᠡᠪᠯᠡᠯ ᠳᠤ ᠠᠯᠳᠠᠭ᠎ᠠ ᠪᠤᠷᠤᠭᠤ᠂ ︽ᠥᠪᠥᠷ ᠮᠣᠩᠭᠤᠯ ᠤᠨ ᠠᠵᠢᠯᠴᠢᠨ ᠤ ᠴᠤᠭᠯᠠᠭᠠᠨ︾ ᠰᠡᠳᠬᠦᠯ ᠢ ᠴᠠᠭ ᠲᠤᠬᠠᠶ ᠳᠤᠨᠢ ᠰᠢᠨᠡᠳᠬᠡᠭᠰᠡᠨ ᠥᠬᠡᠶ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠠᠵᠢᠯᠴᠢᠨ ᠤ ᠡᠪᠯᠡᠯ ᠤᠨ ᠲᠡᠷᠢᠭᠦᠯᠡᠭᠴᠢ ᠶᠢᠨ ᠨᠡᠷᠡᠰ ᠤᠨ ᠬᠦᠰᠦᠨᠦᠭᠲᠦ ᠶᠢ ᠴᠠᠭ ᠲᠤᠬᠠᠶ ᠳᠤᠨᠢ ᠰᠢᠨᠡᠳᠬᠡᠭᠰᠡᠨ ᠥᠬᠡᠶ ᠵᠡᠷᠭᠡ ᠠᠰᠠᠭᠤᠳᠠᠯ ᠢ ᠨᠢᠭᠡᠨᠲᠡ ᠵᠠᠯᠠᠷᠠᠭᠤᠯᠪᠠ᠃    ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃      5. ᠬᠠᠮᠲᠤᠪᠠᠷ ᠵᠥᠪᠳᠡᠯᠴᠡᠬᠦ ᠵᠢᠭᠠᠨ ᠵᠢᠯᠣᠭᠤᠳᠣᠭᠴᠢ ᠶᠢᠨ ᠡᠩᠨᠡᠭᠡᠨ ᠤ ᠪᠠᠶᠢᠭᠤᠯᠤᠯᠲᠠ ᠬᠤᠴᠣᠷᠤᠩᠭᠤᠶ ᠪᠠᠶᠢᠨ᠎ᠠ᠃      ︵6︶ ᠰᠢᠶᠠᠨ ᠤ ᠠᠵᠢᠯᠴᠢᠨ ᠤ ᠶᠡᠷᠦᠩᠬᠡᠶ ᠡᠪᠯᠡᠯ ︽︿ᠬᠠᠮᠲᠤ ᠪᠠᠷ ᠵᠥᠪᠳᠡᠯᠴᠡᠵᠦ ᠬᠠᠮᠲᠤ ᠪᠠᠷ ᠵᠥᠪᠯᠡᠵᠦ᠂ ᠡᠶ᠎ᠡ ᠵᠣᠬᠢᠴᠠᠯ ᠲᠠᠢ ᠪᠠᠷ ᠬᠠᠮᠲᠤ ᠪᠠᠷ ᠠᠰᠢᠭ ᠭᠥᠷᠳᠡᠬᠦ︾ ᠲᠤᠰᠬᠠᠶ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠤᠯᠠᠭᠠᠨᠴᠠᠪ ᠬᠤᠲᠠ ᠶᠢᠨ ᠶᠡᠷᠦᠩᠬᠡᠶ ᠡᠪᠯᠡᠯ ᠲᠠᠷᠬᠠᠭᠠᠭᠰᠠᠨ ︹2020︺ 19 ᠳ᠋ᠤᠭᠡᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠬᠦᠷᠦᠯᠴᠡᠬᠦ ᠥᠬᠡᠶ᠂ ᠣᠲᠣ ᠶᠢᠨ ᠪᠠᠶᠢᠭ᠎ᠠ 5 ᠨᠡᠷᠡᠰ ᠬᠠᠮᠲᠤ ᠪᠠᠷ ᠵᠥᠪᠯᠡᠬᠦ ᠵᠢᠭᠠᠨ ᠵᠢᠯᠣᠭᠤᠳᠣᠭᠴᠢ ᠶᠢᠨ ᠴᠢᠳᠠᠪᠤᠷᠢ ᠳᠣᠤᠷ᠎ᠠ᠂ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠬᠦᠷᠦᠯᠴᠡᠬᠦ ᠥᠬᠡᠶ ᠪᠠᠶᠢᠵᠤ᠂ ᠲᠠᠪᠴᠠᠩ ᠤᠨ ᠠᠵᠤ ᠠᠬᠤᠶᠢᠯᠠᠯ ᠤᠨ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠵᠥᠪᠳᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠪᠦᠲᠦᠮᠵᠢᠲᠡᠶ ᠠᠬᠢᠭᠤᠯᠵᠤ ᠳᠡᠶᠢᠯᠬᠦ ᠥᠬᠡᠶ ᠪᠠᠶᠢᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠪᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠎ᠠ᠃ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠭᠰᠠᠨ ᠤ ᠳᠠᠷᠠᠭ᠎ᠠ᠂ ᠨᠢᠭᠡ ᠤᠳᠠᠭᠠᠨ ᠤ ᠬᠠᠮᠲᠤ ᠪᠠᠷ ᠵᠥᠪᠳᠡᠯᠴᠡᠬᠦ ᠵᠢᠭᠠᠨ ᠵᠢᠯᠣᠭᠤᠳᠣᠭᠴᠢ ᠶᠢᠨ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠴᠢᠨ ᠤ ᠡᠪᠯᠡᠯ ᠤᠨ ᠬᠠᠮᠲᠤ ᠪᠠᠷ ᠵᠥᠪᠳᠡᠯᠴᠡᠬᠦ ᠠᠵᠢᠯ ᠢ ᠬᠡᠷᠬᠢᠨ ᠤᠯᠠᠮ ᠨᠢᠭᠡ ᠠᠯᠬᠤᠮ ᠰᠠᠶᠢᠲᠤᠷ ᠬᠢᠬᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠠᠵᠢᠯ ᠤᠨ ᠶᠠᠪᠤᠴᠠ᠂ ᠠᠵᠢᠯᠯᠠᠭᠠᠨ ᠤ ᠵᠢᠷᠤᠮᠵᠢᠯ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠭᠰᠡᠨ ᠪᠥᠭᠡᠳ ᠬᠠᠮᠲᠤ ᠪᠠᠷ ᠵᠥᠪᠳᠡᠯᠴᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠪᠠ᠃ ᠬᠤᠶᠠᠷ ᠲᠤ᠂ ᠪᠣᠳᠠᠲᠤ ᠠᠵᠢᠯᠯᠠᠭᠠᠨ ᠤ ᠴᠢᠳᠠᠪᠤᠷᠢ ᠶᠢ ᠴᠢᠩᠭᠠᠷᠠᠭᠤᠯᠤᠨ᠎ᠠ ᠃ ᠲᠤᠬᠠᠶ ᠶᠢᠨ ᠲᠠᠯᠠᠪᠤᠷ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠪᠴᠠᠩ ᠤᠨ ᠠᠵᠤ ᠠᠬᠤᠶᠢᠯᠠᠯ ᠤᠨ ᠬᠠᠮᠲᠤ ᠪᠠᠷ ᠵᠥᠪᠳᠡᠯᠴᠡᠬᠦ ᠬᠠᠮᠢᠶ᠎ᠠ ᠪᠥᠬᠦᠶ ᠠᠭᠤᠯᠭ᠎ᠠ ᠶᠢᠨ ᠳᠠᠭᠤᠷᠢᠶᠠᠮᠠᠯ ᠪᠣᠯᠪᠠᠰᠤᠷᠠᠯ ᠢ ᠥᠷᠨᠢᠭᠦᠯᠦᠭᠰᠡᠨ ᠪᠥᠭᠡᠳ ᠪᠣᠳᠠᠲᠠᠶ ᠲᠠᠮᠢᠷ ᠤᠨ ᠴᠢᠳᠠᠪᠤᠷᠢ ᠶᠢᠨ ᠦᠵᠡᠭᠦᠯᠦᠯᠭᠡ᠂ ᠵᠢᠭᠠᠨ ᠵᠢᠯᠣᠭᠤᠳᠣᠭᠴᠢ ᠶᠢ ᠬᠠᠷᠢᠯᠴᠠᠨ ᠦᠨᠡᠯᠡᠬᠦ᠂ ᠶᠠᠷᠢᠯᠴᠠᠨ ᠰᠣᠯᠢᠯᠴᠠᠬᠤ ᠵᠡᠷᠭᠡ ᠭᠤᠭᠴᠤᠭ᠎ᠠ ᠶᠢ ᠳᠣᠭᠢᠷᠠᠭᠤᠯᠵᠤ᠂ ᠲᠤᠬᠠᠶ ᠶᠢᠨ ᠲᠠᠯᠠᠪᠤᠷ ᠲᠤ ᠳᠠᠭᠤᠷᠢᠶᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠰᠢᠵᠤ ᠪᠠᠶᠢᠭ᠎ᠠ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠶᠢ ᠢᠯᠡᠷᠡᠭᠦᠯᠵᠦ᠂ ᠵᠢᠭᠠᠨ ᠵᠢᠯᠣᠭᠤᠳᠣᠭᠴᠢ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠴᠢᠳᠠᠪᠤᠷᠢ ᠶᠢ ᠨᠠᠩ ᠰᠠᠶᠢᠨ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠠᠵᠢᠯᠲᠠᠨ ᠠᠵᠢᠯᠴᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃      6. ᠬᠦᠴᠢᠷᠳᠡᠯᠲᠡᠶ ᠠᠵᠢᠯᠲᠠᠨ ᠠᠵᠢᠯᠴᠢᠨ ᠤ ᠬᠠᠮᠤᠷᠬᠤ ᠬᠡᠪᠴᠢᠶ᠎ᠡ ᠢᠪᠴᠤᠤ ᠪᠠᠶᠢᠨ᠎ᠠ᠃      ︵7︶ ᠬᠦᠴᠢᠷᠳᠡᠯᠲᠡᠶ ᠬᠥᠮᠦᠰ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠳᠤ ᠭᠤᠤᠯᠳᠠᠭᠤ ᠪᠠᠶᠢᠭᠤᠯᠭ᠎ᠠ ᠨᠢᠭᠡᠴᠡ ᠪᠣᠯᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢᠶᠠᠷ ᠭᠤᠤᠯ ᠪᠣᠯᠭᠠᠵᠤ᠂ ᠠᠮᠢᠳᠤᠷᠠᠯ ᠨᠢ ᠬᠦᠴᠢᠷᠳᠡᠯᠲᠡᠶ ᠠᠵᠢᠯᠲᠠᠨ ᠠᠵᠢᠯᠴᠢᠨ ᠢ ᠠᠮᠢᠳᠤᠯᠢᠭ ᠢᠶᠠᠷ ᠠᠪᠤᠷᠠᠨ ᠲᠤᠰᠠᠯᠠᠬᠤ ᠳᠤ ᠬᠠᠮᠤᠷᠬᠤ ᠬᠡᠪᠴᠢᠶ᠎ᠡ ᠪᠠᠭ᠎ᠠ᠂ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠴᠥᠭᠡᠨ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠮᠥᠩᠭᠦ ᠶᠢ ᠦᠨᠳᠦᠰᠦᠨ ᠳᠡᠭᠡᠨ ᠣᠯᠭᠤᠬᠤ ᠬᠡᠯᠪᠡᠷᠢ ᠪᠠᠷ ᠭᠤᠤᠯ ᠪᠣᠯᠭᠠᠵᠤ᠂ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠷᠢᠭᠤ ᠰᠤᠷᠪᠤᠯᠵᠢᠯᠠᠬᠤ ᠦᠢᠯᠡᠴᠢᠯᠡᠭᠡᠨ ᠤ ᠤᠳᠠᠭ᠎ᠠ ᠴᠥᠭᠡᠨ ᠪᠠᠶᠢᠵᠤ᠂ ᠵᠢᠯ ᠪᠦᠷᠢ ᠬᠦᠴᠢᠷᠳᠡᠯᠲᠡᠶ ᠠᠵᠢᠯᠲᠠᠨ ᠠᠵᠢᠯᠴᠢᠨ ᠤ ᠬᠦᠴᠢᠷᠳᠡᠯ ᠢ ᠨᠢ ᠰᠢᠢᠳᠪᠦᠷᠢᠯᠡᠵᠦ ᠬᠦᠴᠢᠷᠳᠡᠯ ᠠᠴᠠ ᠠᠩᠭᠢᠵᠢᠷᠠᠭᠤᠯᠤᠭᠰᠠᠨ ᠤ ᠳᠠᠷᠠᠭ᠎ᠠ ᠵᠥᠪᠬᠡᠨ ᠨᠢᠭᠡ ᠯᠡ ᠤᠳᠠᠭ᠎ᠠ ᠤᠲᠠᠰᠤ ᠪᠠᠷ ᠬᠠᠷᠢᠭᠤ ᠰᠤᠷᠪᠤᠯᠵᠢᠯᠠᠬᠤ ᠪᠠ ᠲᠠᠰᠢᠷᠠᠮ ᠢᠶᠠᠷ 5 ᠡᠷᠦᠬᠡ ᠬᠠᠷᠢᠭᠤ ᠰᠤᠷᠪᠤᠯᠵᠢᠯᠠᠵᠤ᠂ ᠦᠷᠭᠦᠯᠵᠢᠯᠡᠨ ᠬᠠᠷᠢᠭᠤ ᠰᠤᠷᠪᠤᠯᠵᠢᠯᠠᠬᠤ ᠦᠢᠯᠡᠴᠢᠯᠡᠭᠡᠨ ᠤ ᠤᠳᠠᠭ᠎ᠠ ᠵᠢᠴᠢ ᠦᠷᠭᠦᠯᠵᠢᠯᠡᠨ ᠮᠥᠷᠳᠡᠬᠦ ᠡᠷᠴᠢᠮ ᠨᠡᠯᠢᠶᠡᠳ ᠪᠠᠭᠤᠷᠠᠶ ᠪᠠᠶᠢᠨ᠎ᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ᠂ ᠪᠥᠬᠦ ᠰᠢᠶᠠᠨ ᠤ ᠬᠦᠴᠢᠷᠳᠡᠯᠲᠡᠶ ᠠᠵᠢᠯᠲᠠᠨ ᠠᠵᠢᠯᠴᠢᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠳᠡᠭᠡᠳᠦ ᠱᠠᠲᠤᠨ ᠤ ᠠᠵᠢᠯᠴᠢᠨ ᠤ ᠡᠪᠯᠡᠯ ᠲᠠᠢ ᠵᠣᠯᠭᠠᠭᠤᠯᠤᠨ ᠨᠡᠪᠲᠡᠷᠡᠯᠴᠡᠬᠦ ᠪᠠᠷ ᠳᠡᠮᠵᠢᠨ᠂ ᠠᠮᠢᠳᠤᠯᠢᠭ ᠢᠶᠠᠷ ᠠᠵᠢᠯ ᠣᠯᠤᠭᠰᠠᠨ ᠬᠥᠮᠦᠰ ᠠᠵᠢᠯᠴᠢᠨ ᠤ ᠡᠪᠯᠡᠯ ᠤᠨ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ᠂ ᠲᠦᠷ ᠴᠠᠭ ᠲᠠᠩᠰᠠ ᠡᠪᠬᠡᠮᠡᠯ ᠪᠠᠶᠢᠭᠤᠯᠤᠨ ᠠᠪᠤᠷᠠᠨ ᠲᠤᠰᠠᠯᠠᠬᠤ ᠶᠢᠨ ᠠᠷᠭ᠎ᠠ ᠥᠬᠡᠶ ᠪᠠᠶᠢᠨ᠎ᠠ︔ ᠬᠦᠴᠢᠷᠳᠡᠯ ᠲᠠᠢ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠤᠨ ᠲᠤᠬᠠᠶ ᠪᠥᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠣᠲᠣ ᠨᠢᠭᠡᠨᠲᠡ 9 ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ 245 ᠠᠵᠢᠯᠲᠠᠨ ᠠᠵᠢᠯᠴᠢᠨ ᠢ ᠬᠠᠮᠤᠷᠴᠤ᠂ ᠲᠥᠷᠥᠯ ᠵᠦᠢᠯ ᠤᠨ ᠲᠦᠷᠢᠮ ᠢ ᠬᠡᠷᠡᠭᠵᠢᠭᠦᠯᠦᠭᠰᠡᠨ ᠨᠢ ᠬᠠᠪᠰᠤᠷᠤᠨ ᠲᠡᠳᠬᠦᠬᠦ ᠠᠵᠢᠯ ᠤᠨ ᠬᠠᠮᠤᠷᠬᠤ ᠬᠡᠪᠴᠢᠶ᠎ᠡ ᠨᠢ ᠢᠪᠴᠤᠤ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠦᠴᠢᠷᠳᠡᠯᠲᠡᠶ ᠠᠵᠢᠯᠲᠠᠨ ᠠᠵᠢᠯᠴᠢᠨ ᠤ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ ᠠᠷᠭ᠎ᠠ ᠵᠠᠮ ᠢ ᠥᠷᠭᠡᠳᠬᠡᠪᠡ᠃ ᠬᠤᠶᠠᠷ ᠲᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ ᠥᠷᠨᠢᠭᠦᠯᠪᠡ᠃ ᠬᠦᠴᠢᠷᠳᠡᠯ ᠠᠴᠠ ᠠᠩᠭᠢᠵᠢᠷᠠᠭᠰᠠᠨ ᠠᠵᠢᠯᠲᠠᠨ ᠠᠵᠢᠯᠴᠢᠨ ᠤ ᠬᠡᠷ ᠪᠦᠯᠢ ᠶᠢᠨ ᠬᠦᠴᠢᠷᠳᠡᠯ ᠠᠴᠠ ᠠᠩᠭᠢᠵᠢᠷᠠᠬᠤ ᠶᠢ ᠤᠷᠢᠳᠴᠢᠯᠠᠨ ᠰᠡᠷᠭᠡᠶᠢᠯᠡᠬᠦ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠡᠬᠡ ᠲᠠᠩᠰᠠ ᠶᠢᠨ ᠲᠦᠷᠢᠮ ᠢ ᠲᠣᠭᠲᠠᠭᠠᠵᠤ᠂ ᠬᠢᠨᠠᠨ ᠬᠡᠮᠵᠢᠬᠦ ᠡᠷᠦᠬᠡ ᠶᠢ ᠬᠠᠭᠠᠰ ᠵᠢᠯ ᠳᠤ ᠨᠢᠭᠡ ᠤᠳᠠᠭ᠎ᠠ ᠡᠷᠦᠬᠡ ᠳᠤ ᠬᠦᠷᠴᠦ ᠰᠤᠷᠪᠤᠯᠵᠢᠯᠠᠨ᠂ ᠬᠦᠴᠢᠷᠳᠡᠯ ᠠᠴᠠ ᠠᠩᠭᠢᠵᠢᠷᠠᠭᠰᠠᠨ ᠪᠠᠶᠢᠳᠠᠯ ᠭᠠᠷᠴᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠰᠢᠰᠲ᠋ᠧᠮ ᠳᠤ ᠴᠠᠭ ᠲᠤᠬᠠᠶ ᠳᠤᠨᠢ ᠣᠷᠣᠭᠤᠯᠵᠤ᠂ ᠲᠤᠰᠢᠶᠠᠬᠤ ᠶᠣᠰᠣᠲᠠᠶ ᠶᠢ ᠨᠢ ᠪᠦᠬᠦᠨ ᠢ ᠲᠤᠰᠢᠶᠠᠵᠤ᠂ ᠬᠠᠪᠰᠤᠷᠬᠤ ᠶᠣᠰᠣᠲᠠᠶ ᠶᠢ ᠨᠢ ᠪᠦᠬᠦᠨ ᠢ ᠬᠠᠪᠰᠤᠷᠤᠨ᠎ᠠ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃      7. ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯ ᠬᠤᠴᠣᠷᠴᠤ ᠪᠠᠶᠢᠨ᠎ᠠ᠃      ︵8︶ ᠵᠢᠯ ᠪᠦᠷᠢ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠤ ᠣᠯᠠᠩᠬᠢ ᠨᠢ ᠨᠠᠮ ᠵᠠᠰᠠᠭ ᠤᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠳᠤ ᠲᠥᠪᠯᠡᠷᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠡᠵᠡᠯᠡᠬᠦ ᠬᠠᠷᠢᠴᠠᠯ ᠪᠠᠭ᠎ᠠ ᠪᠠᠶᠢᠨ᠎ᠠ᠃ ᠪᠦᠬᠦ ᠰᠢᠶᠠᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠦᠨᠳᠦᠰᠦᠨ ᠱᠠᠲᠤᠨ ᠤ ᠠᠵᠢᠯᠴᠢᠨ ᠤ ᠡᠪᠯᠡᠯ 55 ᠪᠠᠶᠢᠵᠤ᠂ ᠤᠳᠤ ᠵᠥᠪᠬᠡᠨ 1 ᠠᠵᠤ ᠠᠬᠤᠶᠢᠯᠠᠯ ᠳᠠᠭᠠᠳᠬᠠᠯ ᠳᠤ ᠣᠷᠣᠯᠴᠠᠪᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ᠂ ᠪᠣᠳᠠᠲᠤ ᠪᠠᠶᠢᠳᠠᠯ ᠢ ᠣᠨᠣᠪᠴᠢᠲᠠᠶ ᠡᠵᠡᠮᠰᠢᠨ᠎ᠡ᠃ ᠦᠨᠳᠦᠰᠦᠨ ᠱᠠᠲᠤᠨ ᠳᠤ ᠭᠦᠨᠵᠡᠭᠡᠶᠢᠷᠡᠨ 54 ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢ ᠣᠶᠢᠯᠠᠭᠠᠨ ᠬᠠᠷᠭᠤᠭᠤᠯᠵᠤ᠂ ᠬᠠᠮᠢᠶᠠᠷᠤᠯᠲᠠ ᠶᠢᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠪᠠᠯ᠂ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠢ ᠨᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥᠯ ᠵᠦᠢᠯ ᠤᠨ ᠬᠡᠷᠡᠭᠵᠢᠭᠦᠯᠬᠦ ᠨᠠᠷᠢᠨ ᠲᠦᠷᠢᠮ ᠤᠨ ᠲᠣᠭᠲᠠᠭᠠᠯ ᠶᠣᠰᠣᠭᠠᠷ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠳᠣᠲᠣᠷ᠎ᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠠᠰᠤ ᠨᠢ 16᠎ ᠠᠴᠠ 60 ᠪᠦᠬᠦᠯᠢ ᠨᠠᠰᠤᠨ ᠤ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ︔ ᠠᠳᠠᠯᠢ ᠨᠢᠭᠡᠨ ᠨᠢᠭᠡᠴᠡ ᠶᠢᠨ ᠣᠷᠣᠯᠴᠠᠭᠰᠠᠨ ᠲᠥᠷᠥᠯ ᠵᠦᠢᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠪᠥᠬᠦ ᠠᠵᠢᠯᠲᠠᠨ ᠠᠵᠢᠯᠴᠢᠨ ᠤ 75% ︵ᠪᠠᠭᠲᠠᠨ᠎ᠠ︶︾︔ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠬᠤ ᠥᠬᠡᠶ︔ ᠡᠶᠢᠮᠦᠷᠬᠦᠦ ᠪᠠᠶᠢᠳᠠᠯ ᠢ ᠦᠨᠳᠦᠰᠦᠯᠡᠨ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠨᠡᠶᠢᠭᠡᠮᠯᠢᠭ ᠯᠦᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠵᠤ᠂ ᠬᠠᠮᠠᠭᠠᠯᠠᠬᠤ ᠦᠢᠯᠡᠴᠢᠯᠡᠭᠡᠨ ᠤ ᠦᠨᠳᠦᠰᠦᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠬᠤᠶᠠᠷ ᠲᠤ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠎ᠠ᠃ ᠠᠵᠢᠯᠲᠠᠨ ᠠᠵᠢᠯᠴᠢᠨ ᠯᠤᠭ᠎ᠠ ᠠᠵᠤ ᠠᠬᠤᠶ ᠶᠢᠨ ᠳᠠᠩᠰᠠ ᠪᠠ ᠪᠡᠶ᠎ᠡ ᠮᠠᠬᠠᠪᠣᠳ ᠤᠨ ᠳᠠᠩᠰᠠ ᠪᠣᠳᠣᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠲᠠᠨ ᠠᠵᠢᠯᠴᠢᠨ ᠢ ᠬᠡᠯᠡᠵᠦ ᠪᠢᠰᠢᠷᠡᠭᠦᠯᠬᠦ ᠪᠠ ᠬᠥᠲᠥᠯᠥᠨ ᠵᠢᠯᠣᠭᠤᠳᠴᠤ ᠪᠠᠶᠢᠭᠠᠳ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠳᠤ ᠣᠷᠣᠯᠴᠠᠭᠤᠯᠬᠤ ᠶᠢᠨ ᠴᠢᠬᠤᠯᠠ ᠴᠢᠨᠠᠷ ᠢ ᠨᠡᠩ ᠣᠯᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠬᠦ ᠪᠠᠷ ᠴᠢᠷᠮᠠᠶᠢᠨ᠎ᠠ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃      ︵ᠬᠤᠶᠠᠷ︶ ᠣᠯᠠᠨ ᠲᠦᠮᠡᠨ ᠤ ᠲᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠮᠦᠨ ᠯᠡ ᠣᠷᠣᠰᠢᠭᠰᠠᠭᠠᠷ ᠪᠠᠶᠢᠨ᠎ᠠ      8. ᠡᠳ᠋ ᠤᠨ ᠶᠠᠪᠤᠳᠠᠯ ᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠭᠰᠠᠨ ᠦᠭᠡᠶ᠃      ︵9︶ ᠳᠠᠩᠰᠠ ᠲᠠᠶᠢᠯᠬᠤ ᠪᠠᠷᠢᠮᠲᠠ ᠨᠠᠷᠢᠨ ᠲᠣᠳᠣᠷᠬᠠᠢ᠃ 2020 ᠣᠨ ᠤ 7 ᠰᠠᠷ᠎ᠠ ᠶᠢᠨ 23᠎ ᠤ ᠡᠳᠦᠷ ᠵᠠᠷᠤᠴᠠᠭᠤᠯᠤᠭᠰᠠᠨ ᠰᠡᠯᠪᠢᠨ ᠵᠠᠰᠠᠬᠤ ᠵᠠᠷᠤᠳᠠᠯ ᠳᠤ ᠪᠣᠳᠠᠲᠠᠶ ᠤᠴᠢᠷ ᠰᠢᠯᠲᠠᠭᠠᠨ ᠥᠬᠡᠶ᠂ ᠨᠠᠷᠢᠨ ᠵᠦᠢᠯᠡᠰ᠂ ᠭᠡᠷ᠎ᠡ ᠪᠠ ᠬᠤᠷᠠᠯ ᠤᠨ ᠲᠣᠪᠴᠢ ᠲᠡᠮᠳᠡᠭᠯᠡᠯ︔ ᠫᠢᠶᠣᠣ ᠪᠠᠷᠢᠮᠲᠠ ᠶᠢᠨ ᠲᠠᠩᠰᠠ ᠲᠠᠶᠢᠯᠬᠤ ᠠᠵᠢᠯ ᠵᠢᠷᠤᠮᠵᠢᠯ ᠥᠬᠡᠶ᠃ 2021 ᠣᠨ ᠤ 11 ᠰᠠᠷ᠎ᠠ ᠶᠢᠨ 15᠎ ᠤ ᠡᠳᠦᠷ ᠪᠠᠶᠢᠭᠤᠯᠤᠯᠭ᠎ᠠ ᠶᠢᠨ ᠠᠯᠪᠠᠯᠠᠬᠤ ᠺᠣᠮᠫᠢᠦ᠋ᠲ᠋ᠧᠷ ᠤᠨ ᠰᠡᠯᠪᠢᠨ ᠵᠠᠰᠠᠬᠤ᠂ ᠳᠠᠷᠤᠮᠠᠯᠯᠠᠬᠤ ᠮᠠᠰᠢᠨ ᠤ ᠬᠤᠷᠣᠭᠳᠠᠯ ᠮᠠᠲ᠋ᠧᠷᠢᠶᠠᠯ ᠵᠢᠴᠢ ᠬᠡᠪᠯᠡᠬᠦ ᠵᠠᠷᠤᠳᠠᠯ᠂ 2021 ᠣᠨ ᠤ 3 ᠰᠠᠷ᠎ᠠ ᠳᠤ ᠪᠠᠶᠢᠭᠤᠯᠭ᠎ᠠ ᠶᠢᠨ ᠠᠯᠪᠠᠨ ᠠᠵᠢᠯ ᠤᠨ ᠠᠯᠪᠠᠨ ᠰᠢᠷᠡᠭᠡ ᠰᠠᠨᠳᠠᠯᠢ ᠵᠡᠷᠭᠡ ᠶᠢ ᠬᠤᠳᠠᠯᠳᠤᠨ ᠠᠪᠴᠤ᠂ 2022 ᠣᠨ ᠤ 12 ᠰᠠᠷ᠎ᠠ ᠶᠢᠨ 8᠎ ᠤ ᠡᠳᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠳᠠᠭᠠᠭᠠᠴᠢᠯᠠᠨ ᠬᠤᠯᠪᠣᠭᠠᠯᠠᠵᠤ ᠪᠠᠶᠢᠭᠠᠳ ᠪᠠᠭ᠎ᠠ ᠲᠣᠭᠤᠷᠢᠭ ᠤᠨ ᠬᠦᠷᠢᠶᠡᠯᠡᠨ ᠬᠠᠰᠢᠬᠤ ᠵᠠᠷᠤᠳᠠᠯ ᠢ ᠵᠣᠬᠢᠶᠠᠵᠤ᠂ ᠳᠡᠭᠡᠷ᠎ᠡ ᠳᠤᠷᠠᠳᠤᠭᠰᠠᠨ ᠵᠠᠷᠤᠳᠠᠯ ᠤᠨ ᠲᠠᠩᠰᠠ ᠲᠠᠶᠢᠯᠬᠤ ᠭᠠᠷ ᠬᠦᠢᠴᠡᠳᠭᠡᠭᠴᠢ ᠭᠠᠷ ᠤᠨ ᠥᠰᠥᠭ ᠵᠢᠷᠤᠭᠰᠠᠨ ᠥᠬᠡᠶ᠂ ᠡᠭᠦᠨ ᠳᠤ 7820 ᠲᠥᠭᠦᠷᠢᠭ ᠤᠨ ᠡᠳ᠋ ᠤᠨ ᠶᠠᠪᠤᠳᠠᠯ ᠤᠨ ᠠᠵᠢᠯᠲᠠᠨ ᠭᠠᠷ ᠤᠨ ᠥᠰᠥᠭ ᠵᠢᠷᠤᠭᠰᠠᠨ ᠥᠬᠡᠶ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ᠳᠠᠬᠢᠨ ᠬᠢᠨᠠᠬᠤ ᠪᠠ ᠡᠳ᠋ ᠤᠨ ᠶᠠᠪᠤᠳᠠᠯ ᠤᠨ ᠳᠦᠷᠢᠮ ᠢ ᠴᠢᠩᠭ᠎ᠠ ᠵᠢᠷᠤᠮᠵᠢᠭᠤᠯᠵᠤ᠂ ᠡᠳ᠋ ᠤᠨ ᠶᠠᠪᠤᠳᠠᠯ ᠤᠨ ᠠᠵᠢᠯᠲᠠᠨ ᠢ ᠰᠠᠨᠠᠭᠤᠯᠬᠤ ᠪᠠ ᠰᠢᠮᠳᠠᠭᠤᠯᠵᠤ ᠪᠠᠶᠢᠭᠠᠳ ᠫᠢᠶᠣᠤ ᠪᠠᠷᠢᠮᠲᠠ ᠶᠢᠨ ᠠᠩᠬ᠎ᠠ ᠬᠢᠨᠠᠬᠤ ᠪᠣᠭᠤᠮᠲᠠ ᠶᠢ ᠴᠢᠩᠳᠠᠯᠠᠵᠤ᠂ ᠫᠢᠶᠣᠤ ᠪᠠᠷᠢᠮᠲᠠ ᠨᠢ ᠪᠦᠷᠢᠨ ᠪᠤᠰᠤ ᠂ ᠭᠠᠷᠳᠠᠨ ᠬᠢᠬᠦ ᠠᠵᠢᠯᠲᠠᠨ ᠭᠠᠷ ᠤᠨ ᠦᠰᠦᠭ ᠵᠢᠷᠤᠭᠰᠠᠨ ᠦᠭᠡᠶ ᠪᠣᠯ᠂ ᠥᠭᠬᠦ ᠭᠠᠷᠳᠠᠮ ᠢ ᠭᠦᠢᠴᠡᠳᠬᠡᠵᠦ ᠥᠭᠬᠦ ᠦᠭᠡᠶ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      9. ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭᠠᠲᠤ ᠤᠬᠠᠮᠰᠠᠷ ᠢ ᠴᠢᠩᠭ᠎ᠠ ᠭᠦᠢᠴᠡᠳᠬᠡᠬᠦ ᠬᠡᠷᠡᠭᠲᠡᠢ᠃      ︵10︶ ᠨᠠᠮ ᠤᠨ ᠤᠳᠤᠷᠢᠳᠬᠤ ᠳᠤᠭᠤᠢᠯᠠᠩ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠤᠭᠰᠠᠨ ᠥᠬᠡᠢ᠃ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠠᠵᠢᠯᠲᠠᠨ ᠯᠢᠦ ᠣᠪᠣᠭᠲᠤ ᠮᠡᠬᠡᠯᠡᠭᠰᠡᠨ ᠶᠠᠯ᠎ᠠ ᠬᠢᠭᠰᠡᠨ ᠠᠴᠠ ᠪᠣᠯᠵᠤ 2023 ᠣᠨ ᠤ 6 ᠰᠠᠷ᠎ᠠ ᠶᠢᠨ 20᠎ ᠤ ᠡᠳᠦᠷ ᠲᠠᠪᠤᠨ ᠵᠢᠯ ᠤᠨ ᠭᠠᠳᠠᠨ᠎ᠠ ᠵᠢᠷᠭᠤᠭᠠᠨ ᠰᠠᠷ᠎ᠠ ᠬᠤᠭᠤᠴᠠᠭ᠎ᠠ ᠲᠠᠢ ᠬᠤᠷᠢᠬᠤ ᠪᠠᠷ ᠰᠢᠳᠬᠡᠭᠳᠡᠵᠦ᠂ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠠᠰᠠᠭᠤᠳᠠᠯ ᠤᠨ ᠦᠨᠳᠦᠰᠦ ᠰᠤᠷᠪᠤᠯᠵᠢ ᠶᠢ ᠵᠠᠳᠠᠯᠤᠭᠰᠠᠨ ᠥᠬᠡᠶ ᠪᠥᠭᠡᠳ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠵᠤ ᠵᠠᠷᠯᠠᠨ ᠮᠡᠳᠡᠭᠳᠡᠭᠰᠡᠨ ᠥᠬᠡᠶ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠠᠵᠢᠯ ᠢ ᠴᠢᠩᠭᠠᠳᠬᠠᠨ᠎ᠠ᠃ 2024 ᠣᠨ ᠤ 1 ᠰᠠᠷ᠎ᠠ ᠶᠢᠨ 31᠎ ᠤ ᠡᠳᠦᠷ ᠪᠥᠬᠦ ᠪᠠᠶᠢᠭᠤᠯᠭ᠎ᠠ ᠶᠢᠨ ᠠᠵᠢᠯᠲᠠᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠮᠠᠨ ᠤ ᠬᠤᠷᠠᠯ ᠤᠨ ᠠᠵᠢᠯᠲᠠᠨ ᠯᠢᠦ ᠣᠪᠣᠭᠲᠤ ᠶᠢᠨ ᠶᠠᠯᠠᠲᠤ ᠠᠵᠢᠯᠯᠠᠭ᠎ᠠ ᠳᠤ ᠰᠡᠷᠡᠮᠵᠢᠯᠡᠭᠦᠯᠦᠨ ᠵᠠᠷᠯᠠᠨ ᠮᠡᠳᠡᠭᠳᠡᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷ᠎ᠡ ᠨᠡᠶᠢᠲᠡᠯᠢᠭ ᠬᠡᠷᠡᠭ ᠤᠨ ᠵᠢᠱᠢᠶ᠎ᠡ ᠪᠣᠯᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ︔ ᠬᠤᠶᠠᠷ ᠲᠤ᠂ ᠰᠡᠳᠬᠢᠯ ᠤᠨ ᠦᠭᠡ ᠪᠠᠨ ᠶᠠᠷᠢᠯᠴᠠᠬᠤ ᠪᠠ ᠦᠵᠡᠯ ᠰᠠᠨᠠᠭ᠎ᠠ ᠪᠠᠨ ᠰᠣᠯᠢᠯᠴᠠᠬᠤ ᠶᠢ ᠴᠢᠩᠭᠠᠳᠬᠠᠪᠠ᠃ ᠤᠢᠢᠷ᠎ᠠ ᠶᠢᠨ ᠬᠤᠭᠤᠴᠠᠭᠠᠨ ᠳᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠴᠢ ᠤᠳᠤᠷᠢᠳᠬᠤ ᠪᠠᠭ ᠤᠨ ᠪᠦᠷᠢᠯᠳᠦᠬᠦᠨ ᠺᠠᠳ᠋ᠷ ᠠᠵᠢᠯᠳᠠᠨ ᠠᠵᠢᠯᠴᠢᠨ ᠲᠠᠢ ᠦᠵᠡᠯ ᠰᠠᠨᠠᠭ᠎ᠠ ᠪᠠᠨ ᠰᠣᠯᠢᠯᠴᠠᠵᠤ᠂ ᠺᠠᠳ᠋ᠷ ᠠᠵᠢᠯᠳᠠᠨ ᠠᠵᠢᠯᠴᠢᠨ ᠢ ᠬᠠᠪᠰᠤᠷᠤᠨ ᠬᠦᠳᠦᠯᠦᠨ ᠵᠢᠯᠣᠭᠤᠳᠴᠤ ᠪᠠᠶᠢᠭᠠᠳ ︽ᠠᠮᠢᠳᠤᠷᠠᠯ ᠤᠨ ᠬᠦᠷᠢᠶ᠎ᠡ︾ ᠪᠠ ︽ᠨᠠᠶᠢᠵᠢ ᠶᠢᠨ ᠬᠦᠷᠢᠶ᠎ᠡ︾᠎ ᠶᠢ ᠴᠡᠪᠡᠷᠰᠢᠭᠦᠯᠵᠦ᠂ ᠨᠠᠢᠮᠠᠨ ᠴᠠᠭ ᠠᠴᠠ ᠭᠠᠳᠠᠨᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      ︵11︶ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ︽ᠨᠢᠭᠡ ᠠᠵᠢᠯ ᠤᠨ ᠪᠠᠢᠷᠢ ᠳᠤ ᠬᠤᠶᠠᠷ ᠬᠠᠷᠢᠭᠤᠴᠠᠯᠭ᠎ᠠ︾᠎ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ ᠳᠤ ᠵᠥᠷᠢᠶ᠎ᠡ ᠲᠠᠢ᠃ 2019 ᠣᠨ ᠠᠴᠠ ᠨᠠᠭᠠᠰᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠠᠭ ᠤᠨ ᠪᠦᠷᠢᠯᠳᠦᠬᠦᠨ᠂ ᠪᠠᠭ ᠤᠨ ᠪᠦᠷᠢᠯᠳᠦᠬᠦᠨ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠭ᠎ᠠ ᠥᠷᠨᠢᠭᠦᠯᠦᠭᠰᠡᠨ ᠥᠬᠡᠶ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠲᠣᠭᠤᠷᠢᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠣᠯᠤᠨ ᠤᠳᠤᠷᠢᠳᠬᠤ ᠪᠠᠭ ᠤᠨ ᠪᠦᠷᠢᠯᠳᠦᠬᠦᠨ᠂ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠭ᠎ᠠ ᠥᠷᠨᠢᠭᠦᠯᠪᠡ᠃ ᠬᠤᠶᠠᠷ ᠲᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠬᠡᠷᠡᠭᠵᠢᠭᠦᠯᠦᠨ᠎ᠡ᠃ ᠤᠳᠤᠷᠢᠳᠬᠤ ᠪᠠᠭ ᠤᠨ ᠪᠦᠷᠢᠯᠳᠦᠬᠦᠨ ᠢ ᠰᠢᠪᠠᠳᠠᠵᠤ ᠪᠠᠶᠢᠭᠠᠳ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠬᠤᠪᠢᠳᠠᠨ ᠬᠠᠮᠢᠶᠠᠷᠴᠤ ᠪᠠᠶᠢᠭ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠢᠯᠭᠡᠨ᠎ᠡ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃      10 . ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ︽ᠬᠠᠶᠢᠭᠤᠷ︾᠎ ᠤᠨ ᠦᠢᠯᠡᠳᠦᠯ ᠪᠠᠳᠠᠷᠠᠭᠤᠯᠤᠭᠰᠠᠨ ᠨᠢ ᠬᠦᠷᠦᠯᠴᠡᠬᠦ  ᠦᠭᠡᠢ ᠪᠠᠶᠢᠨ᠎ᠠ᠃      ︵12︶ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽︿ᠭᠤᠷᠪᠠᠨ ᠴᠢᠬᠤᠯᠠ ᠨᠢᠭᠡ ᠶᠡᠭᠡ﹀ ᠬᠡᠷᠡᠭ ᠶᠠᠪᠤᠳᠠᠯ ᠳᠤ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾᠎ ᠤᠨ ᠱᠠᠭᠠᠷᠳᠠᠯᠭ᠎ᠠ ᠶᠣᠰᠣᠭᠠᠷ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ ︽ᠭᠤᠷᠪᠠᠨ ᠴᠢᠬᠤᠯᠠ ᠨᠢᠭᠡ ᠶᠡᠭᠡ︾ ᠵᠡᠷᠭᠡ ᠳᠤ ᠪᠠᠶᠢᠩᠭᠤ ᠶᠢᠨ ᠴᠢᠨᠠᠷᠲᠠᠶ ᠬᠢᠨᠠᠯᠲᠠ ᠲᠠᠯᠪᠢᠵᠤ᠂ ᠡᠳᠦᠷ ᠲᠤᠲᠤᠮ ᠤᠨ ᠬᠢᠨᠠᠯᠲᠠ ᠲᠠᠯᠪᠢᠬᠤ ᠲᠠᠯ᠎ᠠ ᠪᠠᠷ ᠳᠤᠲᠠᠭᠳᠠᠵᠤ ᠪᠠᠶᠢᠨ᠎ᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠲᠠᠢ ᠪᠠᠶᠢᠩᠭᠤ ᠨᠡᠪᠲᠡᠷᠡᠯᠴᠡᠨ ᠬᠠᠷᠢᠯᠴᠠᠵᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠬᠤᠶᠠᠷ ᠲᠤ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠢ ᠰᠠᠨᠠᠭᠠᠴᠢᠯᠠᠭ᠎ᠠ ᠠᠴᠠ ᠪᠠᠨ ᠤᠷᠢᠵᠤ ᠲᠣᠮᠢᠯᠠᠨ ᠰᠠᠭᠤᠯᠭᠠᠭᠰᠠᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠤᠨ᠎ᠠ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      11 . ︽ᠨᠢᠭᠡᠳᠦᠭᠡᠷ ᠭᠠᠷ︾ ᠨᠠᠶᠢᠳᠠᠪᠤᠷᠢᠵᠢᠭᠤᠯᠬᠤ ᠶᠢ ᠨᠠᠶᠢᠳᠠᠪᠤᠷᠢᠵᠢᠭᠤᠯᠬᠤ ᠨᠢᠭᠡᠳᠦᠭᠡᠷ ᠬᠠᠷᠢᠭᠤᠴᠠᠯᠭᠠᠭᠠᠲᠠᠨ ᠵᠥᠷᠢᠶ᠎ᠡ ᠲᠠᠢ᠃      ︵13︶ ᠨᠠᠮ ᠤᠨ ᠪᠠᠶᠢᠭᠤᠯᠤᠯᠲᠠ ᠪᠠᠷ ᠠᠵᠤ ᠦᠢᠯᠡᠳᠪᠦᠷᠢ ᠶᠢᠨ ᠪᠠᠶᠢᠭᠤᠯᠤᠯᠲᠠ ᠶᠢ ᠳᠠᠶᠢᠴᠢᠯᠠᠬᠤ᠂ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠨᠠᠮ ᠤᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢᠨ ᠲᠠᠯ᠎ᠠ ᠪᠠᠷ ᠵᠥᠷᠢᠶ᠎ᠡ ᠲᠠᠢ ᠪᠠᠶᠢᠵᠤ᠂ ᠺᠠᠳ᠋ᠷ ᠢ ᠬᠠᠮᠢᠶᠠᠷᠬᠤ ᠲᠠᠯ᠎ᠠ ᠪᠠᠷ ᠠᠭᠤᠵᠢᠭᠤ ᠰᠤᠯᠠ ᠵᠥᠭᠡᠯᠡᠨ ᠣᠷᠣᠰᠢᠵᠤ ᠪᠠᠶᠢᠨ᠎ᠠ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠨᠠᠮ ᠤᠨ ᠭᠡᠰᠢᠭᠦᠨ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠪᠠ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ  ᠭᠦᠢᠴᠡᠳᠭᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠵᠤ᠂ ᠲᠤᠬᠠᠶᠢᠯᠠᠭᠰᠠᠨ ᠠᠵᠢᠯ ᠯᠤᠭ᠎ᠠ ᠵᠡᠷᠭᠡ ᠪᠠᠷ ᠲᠣᠬᠢᠷᠠᠭᠤᠯᠵᠤ᠂ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠨᠠᠶᠢᠳᠠᠪᠤᠷᠢᠵᠢᠭᠤᠯᠪᠠ︔ ᠴᠠᠭᠠᠨ ᠰᠠᠷ᠎ᠠ ᠲᠠᠢ ᠤᠶᠠᠯᠳᠤᠭᠤᠯᠤᠨ ᠬᠦᠴᠢᠷᠳᠡᠯᠲᠡᠶ ᠠᠵᠢᠯᠲᠠᠨ ᠠᠵᠢᠯᠴᠢᠨ ᠢ ᠲᠣᠬᠤᠨᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠲᠠᠨ ᠠᠵᠢᠯᠴᠢᠨ ᠣᠯᠠᠨ ᠲᠦᠮᠡᠨ ᠲᠠᠢ ᠬᠠᠷᠢᠯᠴᠠᠵᠤ᠂ ᠰᠠᠨᠠᠭᠠᠴᠢᠯᠠᠭ᠎ᠠ ᠠᠴᠠ ᠪᠠᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠳᠤᠮᠳᠠ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠡᠴᠦᠰ ᠤᠨ ᠪᠠᠶᠢᠷᠢ ᠳᠠᠬᠢ ᠣᠪᠣᠷ ᠢᠶᠠᠨ ᠢᠯᠡᠳᠬᠡᠬᠦ ᠲᠦᠷᠢᠮ ᠢ ᠬᠢᠨᠠᠮᠠᠭᠠᠶ ᠬᠡᠷᠡᠭᠵᠢᠭᠦᠯᠦᠨ᠎ᠡ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      ︵ᠭᠤᠷᠪᠠ︶ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠠᠶᠢᠳᠠᠯ ᠵᠥᠷᠢᠶ᠎ᠡ ᠲᠠᠢ ᠪᠠᠶᠢᠨ᠎ᠠ      12 . ᠨᠠᠮ ᠤᠨ ᠤᠳᠤᠷᠢᠳᠬᠤ ᠳᠤᠭᠤᠶᠢᠯᠠᠩ ᠤᠨ ᠭᠤᠤᠯᠯᠠᠬᠤ ᠦᠢᠯᠡᠳᠦᠯ ᠢ ᠢᠯᠡᠳᠲᠡ  ᠪᠠᠳᠠᠷᠠᠭᠤᠯᠵᠤ  ᠴᠢᠳᠠᠭᠰᠠᠨ ᠦᠭᠡᠢ᠃      ︵14︶ ᠨᠠᠮ ᠤᠨ ᠤᠳᠤᠷᠢᠳᠬᠤ ᠪᠠᠭ ᠤᠨ ᠲᠤᠬᠢᠷᠠᠬᠤᠯᠤᠯᠲᠠ ᠪᠦᠷᠢᠨ ᠪᠤᠰᠤ᠃ ᠨᠠᠮ ᠤᠨ ᠤᠳᠤᠷᠢᠳᠬᠤ ᠳᠤᠭᠤᠶᠢᠯᠠᠩ ᠤᠨ ᠨᠢᠭᠡ ᠪᠦᠷᠢᠯᠳᠦᠬᠦᠨ 2022 ᠣᠨ ᠤ 12 ᠰᠠᠷ᠎ᠠ ᠳᠤ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠂ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠣᠳᠣᠬᠠᠨ ᠳᠤ ᠵᠥᠪᠬᠡᠨ ᠬᠤᠶᠠᠷ ᠬᠥᠮᠦᠨ ᠪᠠᠶᠢᠵᠤ᠂ ᠨᠢᠭᠡ ᠬᠥᠮᠦᠨ ᠲᠣᠬᠢᠷᠠᠭᠤᠯᠬᠤ ᠥᠬᠡᠶ ᠪᠥᠭᠡᠳ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠠᠵᠢᠯ ᠤᠨ ᠬᠤᠪᠢᠶᠠᠷᠢᠯᠠᠯ ᠲᠣᠳᠣᠷᠬᠠᠶ ᠥᠬᠡᠶ︔ ᠨᠠᠮ ᠤᠨ ᠤᠳᠤᠷᠢᠳᠬᠤ ᠳᠤᠭᠤᠶᠢᠯᠠᠩ ᠤᠨ ᠭᠤᠤᠯ ᠳᠤᠭᠤᠶᠢᠯᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠦᠵᠡᠯ ᠤᠬᠠᠮᠰᠠᠷ ᠤᠨ ᠬᠡᠯᠪᠡᠷᠢ ᠪᠠ ᠦᠨᠳᠦᠰᠦᠲᠡᠨ ᠤ ᠠᠵᠢᠯ ᠤᠨ ᠠᠭᠤᠯᠭ᠎ᠠ ᠶᠢ ᠰᠤᠷᠤᠯᠴᠠᠭᠰᠠᠨ ᠥᠬᠡᠶ᠃ 2021— 2022 ᠣᠨ ᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ ᠰᠤᠳᠤᠯᠤᠨ ᠪᠠᠶᠢᠷᠢᠯᠠᠭᠤᠯᠤᠭᠰᠠᠨ ᠦᠭᠡᠢ︔ ︽ᠭᠤᠷᠪᠠᠨ ᠴᠢᠬᠤᠯᠠ ᠨᠢᠭᠡ ᠶᠡᠭᠡ︾᠎ ᠶᠢᠨ ᠲᠦᠷᠢᠮ ᠢ ᠴᠢᠩᠭ᠎ᠠ ᠬᠡᠷᠡᠭᠵᠢᠭᠦᠯᠦᠭᠰᠡᠨ ᠦᠭᠡᠢ᠃ ᠲᠠᠩᠰᠠ ᠲᠠᠶᠢᠯᠬᠤ ᠬᠠᠮᠢᠶ᠎ᠠ ᠪᠥᠬᠦᠶ ᠵᠠᠷᠤᠳᠠᠯ ᠤᠨ ᠵᠠᠷᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠴᠥᠮ ᠶᠠᠷᠢᠯᠴᠠᠨ ᠰᠤᠳᠤᠯᠤᠭ᠎ᠠ ᠥᠬᠡᠶ᠂ ᠬᠤᠷᠠᠯ ᠤᠨ ᠲᠡᠮᠳᠡᠭᠯᠡᠯ ᠪᠠ ᠬᠤᠷᠠᠯ ᠤᠨ ᠲᠣᠪᠴᠢ ᠥᠬᠡᠶ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      13. ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ᠃      ︵15︶ ᠭᠤᠤᠯ ᠰᠡᠳᠦᠪᠲᠦ ᠨᠠᠮ ᠤᠨ ᠡᠳᠦᠷ ᠵᠢᠷᠤᠮᠵᠢᠭᠤᠨ ᠪᠤᠰᠤ ᠠᠵᠢᠯᠯᠠᠭ᠎ᠠ ᠥᠷᠨᠢᠭᠦᠯᠪᠡ᠃ 2020 ᠣᠨ ᠤ 3 - 6 ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠭᠤᠣᠯ ᠰᠡᠳᠦᠪ ᠲᠣᠳᠣᠷᠬᠠᠢ ᠦᠭᠡᠢ᠂ ᠡᠭᠦᠨ ᠳᠤ 5 ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠬᠤᠷᠠᠯ ᠳᠤ 8 ᠬᠥᠮᠦᠨ ᠣᠷᠣᠯᠴᠠᠵᠤ᠂ ᠪᠣᠳᠠᠲᠠᠢ 5 ᠬᠥᠮᠦᠨ ᠭᠠᠷ ᠤᠨ ᠦᠰᠦᠭ ᠵᠢᠷᠤᠵᠠᠢ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ᠨᠢᠭᠡ ᠳᠤ᠂ ᠭᠤᠤᠯ ᠰᠡᠳᠦᠪᠲᠦ ᠨᠠᠮ ᠤᠨ ᠡᠳᠦᠷ ᠵᠡᠷᠭᠡ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠳᠦᠷᠢᠮ ᠢ ᠴᠢᠩᠭ᠎ᠠ ᠵᠢᠷᠤᠮᠵᠢᠭᠤᠯᠵᠤ᠂ ᠪᠣᠳᠠᠲᠤ ᠪᠠᠶᠢᠳᠠᠯ ᠪᠣᠯᠤᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠭᠤᠤᠯ ᠰᠡᠳᠦᠪᠲᠦ ᠨᠠᠮ ᠤᠨ ᠡᠳᠦᠷ ᠤᠨ ᠭᠤᠤᠯ ᠰᠡᠳᠦᠪ ᠢ ᠲᠣᠭᠲᠠᠭᠠᠬᠤ ᠶᠢᠨ ᠬᠠᠮᠲᠤ ᠬᠤᠷᠠᠯ ᠠᠴᠠ ᠡᠮᠦᠨᠡᠬᠢ ᠪᠡᠯᠡᠳᠬᠡᠯ᠂ ᠬᠤᠷᠠᠯ ᠳᠤ ᠲᠡᠮᠳᠡᠭᠯᠡᠬᠦ᠂ ᠬᠤᠷᠠᠯ ᠤᠨ ᠳᠠᠷᠠᠭ᠎ᠠ ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠤᠨ ᠡᠮᠬᠢᠯᠡᠬᠦ ᠠᠵᠢᠯ ᠢ ᠰᠠᠶᠢᠲᠤᠷ ᠬᠢᠨ᠎ᠡ︔ ᠬᠤᠶᠠᠷ ᠲᠤ᠂ ᠠᠮᠢᠳᠤᠷᠠᠯ ᠤᠨ ᠬᠤᠷᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠠᠴᠠ ᠡᠮᠦᠨ᠎ᠡ ᠥᠷᠭᠡᠨ ᠢᠶᠠᠷ ᠰᠠᠨᠠᠯ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠪᠠ ᠦᠵᠡᠯ ᠰᠠᠨᠠᠭ᠎ᠠ ᠪᠠᠨ ᠰᠣᠯᠢᠯᠴᠠᠬᠤ ᠶᠢ ᠭᠦᠨᠵᠡᠭᠡᠶ ᠥᠷᠨᠢᠭᠦᠯᠵᠦ᠂ ᠬᠤᠷᠠᠯ ᠤᠨ ᠳᠠᠷᠠᠭ᠎ᠠ ᠴᠡᠭᠴᠡᠯᠡᠨ ᠰᠠᠶᠢᠵᠢᠷᠠᠭᠤᠯᠬᠤ ᠪᠠ ᠬᠠᠮᠢᠶ᠎ᠠ ᠪᠦᠬᠦᠢ ᠮᠠᠲ᠋ᠧᠷᠢᠶᠠᠯ ᠢ ᠡᠮᠬᠢᠯᠡᠵᠦ ᠮᠡᠳᠡᠭᠦᠯᠦᠨ ᠬᠦᠷᠭᠡᠵᠦ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔ ᠬᠤᠷᠠᠯ ᠤᠨ ᠮᠠᠲ᠋ᠧᠷᠢᠶᠠᠯ ᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠬᠡᠷᠡᠭᠲᠡᠶ᠃      ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      ᠥᠷᠭᠡᠨ ᠤᠯᠠᠨ ᠺᠠᠳ᠋ᠷ ᠤᠯᠠᠨ ᠲᠦᠮᠡᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠡᠷᠪᠡ ᠰᠠᠨᠠᠯ ᠰᠠᠨᠠᠭᠤᠯᠭ᠎ᠠ ᠲᠠᠢ ᠪᠣᠯ ᠴᠠᠭ ᠲᠤᠬᠠᠶ ᠳᠤ ᠨᠢ ᠪᠢᠳᠡᠨ ᠳᠤ ᠲᠤᠰᠬᠠᠵᠤ ᠥᠭᠭᠦᠨ᠎ᠡ ᠦᠦ᠃ ᠬᠠᠷᠢᠯᠴᠠᠬᠤ ᠬᠡᠯᠪᠡᠷᠢ᠄ ᠤᠲᠠᠰᠤ 0474 - 7212125 ᠢᠮᠧᠯ  xhxzgh@163.com                                          ᠱᠢᠩ ᠾᠧ ᠱᠢᠶᠠᠨ ᠶᠢᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠢᠯᠠᠩ                                 2024 ᠣᠨ ᠤ 4 ᠰᠠᠷ᠎ᠠ ᠶᠢᠨ 25᠎ ᠤ ᠡᠳᠦᠷ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3