ᠴᠧᠩ ᠭᠤᠸᠠᠨ ᠪᠠᠯᠭᠠᠰᠤᠨ ᠤ ᠪᠸᠢ ᠭᠤᠸᠠᠨ ᠲᠣᠰᠬᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠪᠠᠶᠢᠩᠭᠤ ᠶᠢᠨ ᠴᠢᠨᠠᠷᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ
ᠨᠡᠶᠢᠲᠡᠯᠡᠭᠰᠡᠨ ᠴᠠᠭ᠄
2024/5/15
      ᠤᠯᠠᠨ ᠲᠦᠮᠡᠨ ᠤ ᠬᠠᠯᠠᠭᠤᠨ ᠬᠦᠢᠳᠡᠨ ᠢ ᠰᠡᠳᠬᠢᠯ ᠳᠡᠭᠡᠨ ᠪᠤᠳᠤᠵᠤ᠂ ᠦᠨᠡᠨᠴᠢ ᠦᠢᠯᠡ ᠠᠵᠢᠯᠯᠠᠭ᠎ᠠ ᠪᠠᠷ ᠢᠶᠠᠨ ᠠᠷᠠᠳ ᠲᠦᠮᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠪᠸᠢ ᠭᠤᠸᠠᠨ ᠲᠣᠰᠬᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ︽ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠤᠨ ᠰᠠᠨᠠᠭ᠎ᠠ ᠶᠢ ᠬᠤᠷᠠᠮᠳᠤᠭᠤᠯᠬᠤ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠬᠦ︾ ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠨᠠᠮ ᠪᠠ ᠣᠯᠠᠨ ᠲᠦᠮᠡᠨ ᠤ ︽ᠰᠡᠳᠬᠢᠯ ᠤᠨ ᠬᠥᠭᠦᠷᠭᠡ︾᠎ ᠶᠢ ᠪᠤᠰᠬᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠲᠦᠷᠢᠮ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠵᠦ᠂ ᠤᠬᠠᠮᠰᠠᠷ ᠠᠴᠠ ᠪᠠᠨ ᠥᠨᠳᠥᠷ ᠪᠠᠷᠢᠮᠵᠢᠶ᠎ᠠ ᠪᠠᠷ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠠᠵᠢᠯ ᠢ ᠲᠥᠯᠥᠪᠵᠢᠭᠦᠯᠦᠨ ᠠᠬᠢᠭᠤᠯᠵᠤ᠂ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠥᠯᠥᠭᠡᠯᠡᠭᠴᠢ ᠭᠡᠰᠢᠭᠦᠳ ᠤᠨ ᠬᠠᠷᠢᠯᠴᠠᠵᠤ ᠨᠡᠪᠲᠡᠷᠡᠯᠴᠡᠬᠦ ᠶᠢ ᠪᠦᠬᠦᠯᠢ ᠡᠳᠦᠷ ᠢᠶᠠᠷ ᠪᠡᠶᠡᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ︽ᠵᠠᠢ ᠦᠭᠡᠢ︾ ᠪᠠᠶᠢᠬᠤ ᠶᠢ ᠪᠡᠶᠡᠯᠡᠭᠦᠯᠪᠡ᠃      ᠢᠳᠡᠭᠡᠨ ᠤ ᠠᠮᠤᠷ ᠲᠦᠪᠰᠢᠨ ᠤ ᠠᠵᠢᠯ ᠳᠤ ᠣᠷᠣᠯᠴᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ      ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠃ ᠢᠳᠡᠭᠡᠨ ᠤ ᠠᠮᠤᠷ ᠲᠦᠪᠰᠢᠨ ᠨᠢ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠠᠮᠤᠷ ᠲᠦᠪᠰᠢᠨ᠂ ᠰᠠᠨᠠᠭ᠎ᠠ ᠠᠮᠤᠷ ᠢᠳᠡᠭᠡᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠪᠸᠢ ᠭᠤᠸᠠᠨ ᠲᠣᠰᠬᠤᠨ ᠤ ᠲᠥᠯᠥᠭᠡᠯᠡᠭᠴᠢ ᠤᠯᠠᠷᠢᠯ ᠪᠦᠷᠢ ᠬᠠᠷᠢᠶ᠎ᠠ ᠣᠷᠣᠨ ᠤ ᠪᠠᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ᠂ ᠬᠤᠳᠠᠯᠳᠤᠭᠠᠨ ᠤ ᠲᠠᠯᠠᠪᠤᠷ ᠬᠡᠳᠦ ᠳᠡᠯᠭᠡᠭᠦᠷ ᠵᠡᠷᠭᠡ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ᠂ ᠲᠤᠬᠠᠢ ᠶᠢᠨ ᠭᠠᠵᠠᠷ ᠲᠤᠨᠢ ᠯᠠᠪᠯᠠᠨ ᠠᠰᠠᠭᠤᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠤᠨ ᠠᠷᠢᠭᠤᠨ ᠴᠡᠪᠡᠷ ᠪᠠᠶᠢᠬᠤ ᠡᠰᠡᠬᠦ᠂ ᠢᠳᠡᠭᠡᠨ ᠤ ᠬᠤᠭᠤᠴᠠᠭ᠎ᠠ ᠨᠢ ᠥᠩᠭᠡᠷᠡᠭᠰᠡᠨ ᠡᠰᠡᠬᠦ᠂ ᠠᠵᠢᠯᠯᠠᠵᠤ ᠪᠠᠶᠢᠭ᠎ᠠ ᠬᠥᠮᠦᠰ ᠲᠤ ᠡᠷᠡᠭᠦᠯ ᠮᠡᠨᠳᠦ ᠶᠢᠨ ᠦᠨᠡᠮᠯᠡᠯ ᠪᠠᠶᠢᠬᠤ ᠡᠰᠡᠬᠦ᠂ ᠬᠤᠭᠤᠯᠠᠨ ᠤ ᠬᠡᠷᠡᠭᠰᠡᠯ ᠢ ᠴᠡᠪᠡᠷᠯᠡᠨ ᠠᠷᠢᠭᠤᠳᠬᠠᠭᠰᠠᠨ ᠡᠰᠡᠬᠦ ᠵᠡᠷᠭᠡ ᠪᠠᠶᠢᠳᠠᠯ ᠳᠤ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠵᠠᠢ᠃      ᠪᠧᠶ ᠭᠤᠸᠠᠨ ᠲᠣᠰᠬᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢᠳᠡᠭᠡᠨ ᠤ ᠠᠮᠤᠷ ᠲᠦᠪᠰᠢᠨ ᠤ ᠠᠵᠢᠯ ᠳᠤ ᠢᠳᠡᠪᠬᠢᠲᠡᠶ ᠣᠷᠣᠯᠴᠠᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭᠠᠲᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠢᠳᠡᠭᠡᠨ ᠤ ᠠᠮᠤᠷ ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ︾᠎ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠢᠳᠡᠭᠡᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠤᠷ︾᠎ ᠢ ᠤᠯᠠᠮ ᠨᠢᠭᠡ ᠠᠯᠬᠤᠮ ᠪᠠᠲᠤ ᠪᠠᠬᠢ ᠪᠥᠭᠡᠳ ᠨᠢᠭᠲᠠ ᠰᠦᠯᠵᠢᠪᠡ᠃      ︽ᠰᠦᠯᠵᠢᠶᠡᠨ ᠳᠡᠭᠡᠷ᠎ᠡ︾ ︽ᠰᠦᠯᠵᠢᠶᠡᠨ ᠭᠠᠳᠠᠨᠠᠬᠢ︾᠎ ᠨᠢ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠣᠯᠠᠨ ᠲᠦᠮᠡᠨ ᠤ ᠲᠤᠰᠬᠠᠭᠰᠠᠨ ᠤᠴᠢᠷ ᠶᠠᠪᠤᠳᠠᠯ ᠤᠨ ︽ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ︾ ᠪᠠᠶᠢᠬᠤ ᠶᠢ ᠪᠡᠶᠡᠯᠡᠭᠦᠯᠦᠨ᠎ᠡ      ᠪᠧᠶ ᠭᠤᠸᠠᠨ ᠲᠣᠰᠬᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠰᠦᠯᠵᠢᠶᠡᠨ ᠭᠠᠳᠠᠨ᠎ᠠ ᠲᠤᠬᠠᠶ ᠶᠢᠨ ᠲᠠᠯᠠᠪᠠᠶ ᠳᠤ ᠭᠥᠯᠢᠶᠡᠨ ᠠᠪᠬᠤ᠂ ᠲᠠᠰᠢᠷᠠᠮ ᠢᠶᠠᠷ ᠰᠤᠷᠪᠤᠯᠵᠢᠯᠠᠬᠤ ᠵᠢᠴᠢ ᠲᠣᠰᠬᠤᠨ ᠤ ᠠᠷᠠᠳ ᠤᠨ ᠵᠥᠪᠯᠡᠯ᠂ ᠵᠣᠬᠢᠴᠠᠭᠤᠯᠬᠤ ᠬᠤᠷᠠᠯ ᠳᠤ ᠣᠷᠣᠯᠴᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ᠂ ᠰᠠᠨᠠᠯ ᠰᠠᠨᠠᠭᠤᠯᠭ᠎ᠠ᠂ ᠡᠯ᠎ᠡ ᠱᠠᠲᠤᠨ ᠤ ᠡᠯ᠎ᠡ ᠲᠥᠷᠥᠯ ᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠲᠤᠰᠬᠠᠭᠰᠠᠨ ᠲᠦᠭᠡᠮᠡᠯ ᠴᠢᠨᠠᠷᠲᠠᠶ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠥᠷᠭᠡᠨ ᠢᠶᠠᠷ ᠴᠤᠭᠯᠠᠭᠤᠯᠪᠠ︔ ᠰᠦᠯᠵᠢᠶᠡᠨ ᠳᠡᠭᠡᠷ᠎ᠡ ︽ᠤᠮᠠᠷᠠᠲᠤ ᠬᠢᠯᠢ ᠶᠢᠨ ᠠᠷᠠᠳ ᠤᠨ ᠰᠡᠳᠬᠢᠯ ᠤᠨ ᠬᠥᠭᠦᠷᠭᠡ ᠶᠢᠨ ᠰᠢᠩ ᠾᠧ ᠰᠢᠶᠠᠨ ᠤ ᠲᠥᠯᠥᠭᠡᠯᠡᠭᠴᠢ ᠭᠡᠰᠢᠭᠦᠨ ᠤ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡ︾᠎ ᠳᠤ ᠲᠦᠰᠢᠭᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠲᠥᠯᠥᠭᠡᠯᠡᠭᠴᠢ ᠭᠡᠰᠢᠭᠦᠳ ᠪᠣᠯᠤᠨ ᠠᠷᠠᠳ ᠣᠯᠠᠨ ᠤ ᠰᠦᠯᠵᠢᠶᠡᠨ ᠳᠡᠭᠡᠷ᠎ᠡ ᠳᠥᠭᠦᠮ ᠳᠥᠲᠡ ᠥᠨᠳᠥᠷ ᠪᠦᠲᠦᠮᠵᠢᠲᠡᠶ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠠᠷᠠᠳ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠰᠦᠯᠵᠢᠶᠡᠨ ᠤ ᠠᠷᠭ᠎ᠠ ᠵᠠᠮ ᠢᠶᠠᠷ ᠳᠠᠮᠵᠢᠭᠤᠯᠤᠨ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢ ᠭᠡᠰᠢᠭᠦᠨ ᠢ ᠡᠷᠢᠵᠦ᠂ ᠪᠠᠶᠢᠳᠠᠯ ᠢ ᠢᠳᠡᠪᠬᠢᠲᠡᠶ ᠲᠤᠰᠬᠠᠵᠤ᠂ ᠬᠦᠰᠡᠯ ᠱᠠᠭᠠᠷᠳᠠᠯᠭ᠎ᠠ ᠳᠤᠷᠠᠳᠴᠤ᠂ ︽ᠤᠴᠢᠷ ᠲᠠᠢ ᠪᠣᠯ ᠲᠥᠯᠥᠭᠡᠯᠡᠭᠴᠢ ᠭᠡᠰᠢᠭᠦᠨ ᠢ ᠡᠷᠢᠬᠦ︾᠎ ᠶᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠡᠪ ᠪᠠᠶᠢᠳᠠᠯ ᠪᠣᠯᠭᠠᠪᠠ᠃ ᠣᠶᠢᠷ᠎ᠠ ᠳᠤ᠂ ᠲᠣᠰᠬᠤᠨ ᠤ ᠠᠷᠠᠳ ᠼᠤᠤ ᠶᠢᠨ ᠶᠤᠸᠠᠨ᠂ ᠯᠢ ᠰᠦ᠋ ᠹᠠᠩ ᠭᠠᠷ ᠤᠲᠠᠰᠤᠨ ᠤ ᠦᠵᠦᠭᠦᠷ ᠤᠨ ᠸᠢᠴᠠᠲ ᠤᠨ ᠬᠤᠯᠪᠤᠭ᠎ᠠ ᠪᠠᠷ ᠳᠠᠮᠵᠢᠭᠤᠯᠤᠨ ᠪᠸᠢ ᠭᠤᠸᠠᠨ ᠲᠣᠰᠬᠤᠨ ᠤ ᠠᠷᠠᠳ ᠤᠨ ᠵᠥᠪᠯᠡᠯ ᠤᠨ 85 ᠨᠣᠮᠧᠷᠲᠤ ᠠᠶᠢᠯ ᠲᠣᠰᠬᠤᠨ ᠤ ᠭᠠᠳᠠᠭᠰᠢ ᠭᠠᠷᠬᠤ ᠳᠤ ᠬᠦᠴᠢᠷᠲᠡᠶ ᠪᠠᠶᠢᠬᠤ ᠠᠰᠠᠭᠤᠳᠠᠯ ᠢ ᠲᠤᠰᠬᠠᠪᠠ᠃ ᠰᠢᠶᠠᠨ ᠤ ᠨᠠᠮ ᠤᠨ ᠲᠥᠯᠥᠭᠡᠯᠡᠭᠴᠢ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠠᠩ ᠬᠠᠶ ᠯᠦᠩ ᠲᠣᠰ ᠬᠦᠰᠡᠯ ᠱᠠᠭᠠᠷᠳᠠᠯᠭ᠎ᠠ ᠶᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠪᠤᠰᠤᠳ ᠲᠥᠯᠥᠭᠡᠯᠡᠭᠴᠢ ᠭᠡᠰᠢᠭᠦᠨ ᠲᠠᠢ ᠬᠠᠷᠢᠯᠴᠠᠵᠤ᠂ ᠬᠠᠮᠲᠤ ᠪᠠᠷ ᠲᠤᠬᠠᠶ ᠶᠢᠨ ᠭᠠᠵᠠᠷ ᠲᠤᠨᠢ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ᠂ ᠠᠷᠠᠳ ᠤᠨ ᠪᠠᠶᠢᠳᠠᠯ ᠢ ᠪᠠᠶᠢᠴᠠᠭᠠᠵᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠪᠡ᠃      ᠲᠥᠯᠥᠭᠡᠯᠡᠭᠴᠢ ᠭᠡᠰᠢᠭᠦᠳ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠳᠠᠷᠠᠭ᠎ᠠ᠂ ᠲᠣᠰᠬᠤᠨ ᠤ ᠠᠷᠠᠳ ᠤᠨ ᠵᠥᠪᠯᠡᠯ ᠴᠠᠭ ᠲᠤᠬᠠᠶ ᠳᠤᠨᠢ ᠶᠠᠷᠢᠯᠴᠠᠬᠤ ᠬᠤᠷᠠᠯ ᠬᠤᠷᠠᠯᠳᠤᠭᠤᠯᠵᠤ᠂ 85 ᠳ᠋ᠤᠭᠠᠷ ᠠᠶᠢᠯ ᠲᠣᠰᠬᠤᠨ ᠤ ᠶᠠᠪᠤᠵᠤ ᠰᠠᠭᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠶᠠᠷᠢᠯᠴᠠᠵᠤ᠂ ᠲᠥᠯᠥᠭᠡᠯᠡᠭᠴᠢ ᠭᠡᠰᠢᠭᠦᠳ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃      ᠬᠤᠷᠠᠯ ᠤᠨ ᠳᠠᠷᠠᠭ᠎ᠠ᠂ ᠪᠸᠢ ᠭᠤᠸᠠᠨ ᠲᠣᠰᠬᠤᠨ ᠤ ᠠᠷᠠᠳ ᠤᠨ ᠵᠥᠪᠯᠡᠯ ᠲᠣᠰ ᠠᠰᠠᠭᠤᠳᠠᠯ ᠢ ᠪᠠᠯᠭᠠᠰᠤᠨ ᠤ ᠨᠠᠮ ᠤᠨ ᠬᠤᠷᠢᠶ᠎ᠠ ᠪᠠᠯᠭᠠᠰᠤᠨ ᠤ ᠵᠠᠰᠠᠭ ᠤᠨ ᠣᠷᠳᠣᠨ ᠳᠤ ᠮᠡᠳᠡᠭᠦᠯᠵᠦ᠂ ᠪᠠᠯᠭᠠᠰᠤᠨ ᠤ ᠨᠠᠮ ᠤᠨ ᠬᠤᠷᠢᠶ᠎ᠠ ᠪᠠᠯᠭᠠᠰᠤᠨ ᠤ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠪᠣᠯᠤᠨ ᠭᠤᠤᠯ ᠤᠳᠤᠷᠢᠳᠤᠯᠭ᠎ᠠ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠳᠠᠷᠠᠭ᠎ᠠ᠂ ᠲᠣᠰ ᠵᠦᠢᠯᠡᠰ ᠢ ᠡᠨᠡ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠨᠢᠭᠡ ᠪᠣᠯᠭᠠᠬᠤ ᠪᠠᠷ ᠰᠤᠳᠤᠯᠤᠨ ᠲᠣᠭᠲᠠᠭᠠᠵᠤ᠂ ᠪᠡᠭᠡᠵᠢᠩ ᠥᠪᠥᠷ ᠮᠣᠩᠭᠤᠯ ᠤᠨ ᠬᠤᠣᠰᠯᠠᠨ ᠲᠡᠳᠬᠦᠬᠦ ᠪᠠᠯᠠ ᠮᠥᠩᠭᠦ ᠶᠢ ᠠᠰᠢᠭᠯᠠᠨ᠂ ᠪᠣᠷᠣᠭᠠᠨ ᠤ ᠤᠯᠠᠷᠢᠯ ᠬᠦᠷᠴᠦ ᠢᠷᠡᠬᠦ ᠠᠴᠠ ᠡᠮᠦᠨ᠎ᠡ᠂ ᠡᠨᠡ ᠬᠦ ᠲᠣᠰᠬᠤᠨ ᠤ ᠠᠷᠠᠳ ᠤᠨ ᠭᠠᠷᠬᠤ ᠵᠠᠮ᠂ ᠠᠷᠠᠳ ᠤᠨ ᠠᠮᠢᠳᠤᠷᠠᠯ ᠤᠨ ᠵᠠᠮ ᠢ ᠰᠠᠶᠢᠲᠤᠷ ᠵᠠᠰᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠬᠢᠭᠡᠳ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠪᠠᠷ ᠲᠣᠭᠲᠠᠪᠠ᠃      ᠪᠸᠢ ᠭᠤᠸᠠᠨ ᠲᠣᠰᠬᠤᠨ ᠤ ᠲᠥᠯᠥᠭᠡᠯᠡᠭᠴᠢ ᠭᠡᠰᠢᠭᠦᠳ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠬᠠᠷᠢᠯᠴᠠᠵᠤ᠂ ᠤᠯᠠᠨ ᠲᠦᠮᠡᠨ ᠳᠤ ᠦᠢᠯᠡᠴᠢᠯᠡᠵᠦ᠂ ︽ᠪᠡᠶ᠎ᠡ ᠶᠢᠨ ᠭᠠᠷᠤᠯ ᠤᠨ ᠲᠡᠮᠳᠡᠭ︾᠎ ᠠᠴᠠ ︽ᠬᠠᠷᠢᠭᠤᠴᠠᠯᠭ᠎ᠠ ᠨᠡᠶᠢᠴᠡᠬᠦ︾ ᠲᠡᠰᠢ ᠬᠤᠪᠢᠷᠠᠪᠠ᠃ ᠨᠠᠮ ᠤᠨ ᠲᠥᠷᠥ ᠶᠢᠨ ᠪᠣᠳᠣᠯᠭ᠎ᠠ ᠶᠢ ᠳᠠᠮᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠵᠡᠷᠭᠡ ᠲᠠᠯ᠎ᠠ ᠪᠠᠷ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠰᠠᠨᠠᠭᠤᠯᠭ᠎ᠠ ︽ᠶᠠᠪᠤᠳᠠᠯ ᠪᠣᠯᠭᠠᠨ ᠳᠤ ᠬᠠᠷᠢᠭᠤ ᠥᠭᠴᠦ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠬᠤ︾᠎ ᠶᠢ ᠦᠨᠡᠨ ᠬᠦ ᠪᠠᠲᠤᠯᠠᠪᠠ᠃ ︵ᠵᠣᠬᠢᠶᠠᠭᠴᠢ᠄ ᠰᠦᠨ ᠯᠢ ᠲᠢᠩ︶                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3