ᠨᠢᠭᠡ᠂ ᠬᠡᠷᠡᠭᠵᠢᠭᠦᠯᠦᠭᠰᠡᠨ ᠠᠬᠤᠶ ᠪᠠᠶᠢᠳᠠᠯ | ᠤᠯᠠᠭᠠᠨᠴᠠᠪ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠲᠠᠲᠠᠪᠤᠷᠢᠯᠠᠬᠤ ᠣᠷᠣᠨ ᠬᠡᠰᠡᠭ ᠤᠨ | ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠨᠥᠬᠦᠪᠥᠷᠢ ᠥᠭᠬᠦ ᠪᠠᠷᠢᠮᠵᠢᠶ᠎ᠠ ᠶᠢ 2022 ᠣᠨ ᠤ 3 ᠰᠠᠷ᠎ᠠ ᠳᠤ | ᠨᠡᠶᠢᠲᠡᠯᠡᠨ ᠬᠡᠷᠡᠭᠵᠢᠭᠦᠯᠪᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠬᠠᠤᠯᠢ︾ ︵2019 ᠣᠨ ᠳᠤ ᠵᠠᠰᠠᠪᠤᠷᠢ ᠣᠷᠣᠭᠤᠯᠪᠠ︶ ᠪᠠ ︽ᠥᠪᠡᠷᠲᠡᠭᠡᠨ ᠵᠠᠰᠠᠬᠤ | ᠣᠷᠣᠨ ᠤ ᠰᠢᠨ᠎ᠡ ᠨᠢᠭᠡ ᠡᠭᠡᠯᠵᠢ ᠶᠢᠨ ᠭᠠᠵᠠᠷ ᠲᠠᠲᠠᠪᠤᠷᠢᠯᠠᠬᠤ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ | ᠦᠨ᠎ᠡ ᠶᠢ ᠳᠣᠭᠢᠷᠠᠭᠤᠯᠤᠨ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2020﹈ 92 ᠳ᠋ᠤᠭᠠᠷ ᠲᠣᠭᠠᠲᠤ︶᠂ ︽ᠭᠠᠵᠠᠷ ᠲᠠᠲᠠᠪᠤᠷᠢᠯᠠᠬᠤ ᠣᠷᠣᠨ | ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠭᠠᠳᠠᠨᠠᠬᠢ ᠪᠤᠰᠤᠳ | ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠶᠢᠨ ᠨᠥᠬᠦᠪᠥᠷᠢ ᠶᠢᠨ ᠪᠠᠷᠢᠮᠵᠢᠶ᠎ᠠ | ᠵᠢᠴᠢ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ | ᠬᠠᠷᠢᠴᠠᠯ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠴᠣᠬᠤᠯᠠᠪᠤᠷᠢ︾ ︵ᠥᠪᠥᠷ ᠵᠠᠰᠠᠭ ᠥᠰᠥᠭ ﹇2020﹈ 77 ᠳ᠋ᠤᠭᠠᠷ ᠲᠣᠭᠠᠲᠤ︶ ᠶᠢ ᠦᠨᠳᠦᠰᠦᠯᠡᠨ | ᠂ ᠤᠯᠠᠭᠠᠨᠴᠠᠪ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠮᠠᠨ ᠤ ᠬᠤᠲᠠ ᠭᠠᠵᠠᠷ ᠰᠢᠷᠣᠶ ᠲᠠᠲᠠᠪᠤᠷᠢᠯᠠᠬᠤ | ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠨᠥᠬᠦᠪᠥᠷᠢ ᠶᠢᠨ ᠪᠠᠷᠢᠮᠵᠢᠶ᠎ᠠ ᠶᠢ ᠨᠥᠬᠦᠪᠥᠷᠢᠯᠡᠨ | ᠲᠣᠭᠲᠠᠭᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ ᠨᠡᠶᠢᠲᠡᠯᠡᠨ ᠬᠡᠷᠡᠭᠵᠢᠭᠦᠯᠪᠡ᠃ | ᠬᠤᠶᠠᠷ᠂ ᠭᠤᠣᠯ ᠠᠭᠤᠯᠭ᠎ᠠ | ︽ᠮᠡᠳᠡᠭᠳᠡᠯ︾ ᠳᠤ ᠨᠡᠶᠢᠲᠡ ᠲᠠᠪᠤᠨ ᠵᠦᠢᠯ ᠤᠨ ᠠᠭᠤᠯᠭ᠎ᠠ ᠪᠤᠢ᠂ ᠳᠠᠷᠤᠢ ᠤᠯᠠᠭᠠᠨᠴᠠᠪ ᠬᠤᠲᠠ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠠᠰᠢᠭᠯᠠᠭᠠᠳᠤᠶ ᠭᠠᠵᠠᠷ ᠰᠢᠷᠣᠶ ᠶᠢᠨ ᠲᠥᠷᠥᠯ ᠤᠨ ᠵᠠᠰᠠᠪᠤᠷᠢ | ᠣᠷᠣᠭᠤᠯᠤᠭᠰᠠᠨ ᠢᠯᠡᠳᠬᠡᠮᠵᠢ ᠶᠢᠨ ᠬᠦᠰᠦᠨᠦᠭᠲᠦ᠂ ᠤᠯᠠᠭᠠᠨᠴᠠᠪ ᠬᠤᠲᠠ ᠶᠢᠨ ᠬᠥᠬᠡ ᠴᠢᠬᠢ ᠶᠢᠨ ᠨᠥᠬᠦᠪᠥᠷᠢ ᠶᠢᠨ | ᠪᠠᠷᠢᠮᠵᠢᠶ᠎ᠠ ᠶᠢᠨ ᠬᠦᠰᠦᠨᠦᠭᠲᠦ᠂ ᠤᠯᠠᠭᠠᠨᠴᠠᠪ ᠬᠤᠲᠠ ᠶᠢᠨ ᠭᠠᠵᠠᠷ ᠳᠡᠭᠡᠷᠡᠬᠢ ᠳᠠᠭᠠᠯᠲᠠ ᠪᠣᠳᠠᠰ ᠤᠨ | ᠨᠥᠬᠦᠪᠥᠷᠢ ᠶᠢᠨ ᠪᠠᠷᠢᠮᠵᠢᠶ᠎ᠠ ᠶᠢᠨ ᠬᠦᠰᠦᠨᠦᠭᠲᠦ᠂ ᠤᠯᠠᠭᠠᠨᠴᠠᠪ ᠬᠤᠲᠠ ᠶᠢᠨ ᠭᠠᠵᠠᠷ ᠰᠢᠷᠣᠶ ᠶᠢᠨ ᠨᠥᠬᠦᠪᠥᠷᠢ | ᠵᠠᠷᠤᠳᠠᠯ ᠵᠢᠴᠢ ᠲᠥᠪᠬᠢᠨᠡᠭᠦᠯᠬᠦ ᠨᠥᠬᠦᠪᠦᠷᠢ ᠵᠠᠷᠤᠳᠠᠯ ᠤᠨ ᠬᠠᠷᠢᠴᠠᠯ ᠤᠨ ᠬᠦᠰᠦᠨᠦᠭᠲᠦ᠂ ᠤᠯᠠᠭᠠᠨᠴᠠᠪ ᠬᠤᠲᠠ ᠶᠢᠨ | ᠭᠠᠵᠠᠷ ᠰᠢᠷᠣᠶ ᠲᠠᠲᠠᠪᠤᠷᠢᠯᠠᠭᠰᠠᠨ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠳᠤ ᠵᠠᠰᠠᠪᠤᠷᠢ | ᠣᠷᠣᠭᠤᠯᠤᠭᠰᠠᠨ ᠢᠯᠡᠳᠬᠡᠮᠵᠢ ᠶᠢᠨ ᠬᠦᠰᠦᠨᠦᠭᠲᠦ ᠵᠡᠷᠭᠡ ᠪᠣᠯᠤᠨ᠎ᠠ᠃ | ᠭᠤᠷᠪᠠ᠂ ᠨᠡᠶᠢᠲᠡᠯᠡᠭᠰᠡᠨ ᠠᠴᠢ ᠬᠤᠯᠪᠣᠭᠳᠠᠯ | ᠰᠢᠨ᠎ᠡ ᠨᠢᠭᠡ ᠡᠭᠡᠯᠵᠢ ᠶᠢᠨ ᠭᠠᠵᠠᠷ ᠲᠠᠲᠠᠪᠤᠷᠢᠯᠠᠬᠤ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ | ᠦᠨ᠎ᠡ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠭᠠᠳᠠᠨᠠᠬᠢ ᠪᠤᠰᠤᠳ ᠭᠠᠵᠠᠷ ᠰᠢᠷᠣᠶ᠂ ᠬᠥᠬᠡ ᠴᠢᠬᠢ ᠪᠣᠯᠤᠨ | ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠨᠥᠬᠦᠪᠥᠷᠢ ᠶᠢᠨ ᠪᠠᠷᠢᠮᠵᠢᠶ᠎ᠠ ᠵᠢᠴᠢ ᠭᠠᠵᠠᠷ ᠰᠢᠷᠣᠶ ᠶᠢᠨ ᠨᠥᠬᠦᠪᠥᠷᠢ | ᠵᠠᠷᠤᠳᠠᠯ ᠪᠣᠯᠤᠨ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ ᠢ ᠨᠡᠶᠢᠲᠡᠯᠡᠨ | ᠬᠡᠷᠡᠭᠵᠢᠭᠦᠯᠬᠦ ᠪᠠᠷ ᠳᠠᠮᠵᠢᠭᠤᠯᠤᠨ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠳ ᠮᠠᠯᠴᠢᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠬᠠᠮᠠᠭᠠᠯᠠᠨ᠂ | ᠭᠠᠵᠠᠷ ᠰᠢᠷᠣᠶ ᠲᠠᠲᠠᠪᠤᠷᠢᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ | | ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ |