ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/5/15
      ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ︽ᠬᠥᠮᠦᠨ ᠤ ᠠᠮᠢ ᠨᠠᠰᠤ ᠪᠠ ᠡᠷᠡᠭᠦᠯ ᠮᠡᠨᠳᠦ ᠶᠢ ᠬᠠᠮᠠᠭᠠᠯᠠᠬᠤ︾ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠃ ᠣᠶᠢᠷ᠎ᠠ ᠳᠤ᠂ ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠥᠳᠡᠭᠡ ᠲᠣᠰᠬᠤᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ ᠥᠷᠨᠢᠭᠦᠯᠪᠡ᠃      ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠭᠴᠢ ᠣᠨᠣᠯ ᠤᠨ ᠲᠠᠶᠢᠯᠤᠮᠵᠢ ᠪᠠ ᠳᠠᠭᠤᠷᠢᠶᠠᠮᠠᠯ ᠠᠵᠢᠯᠯᠠᠭ᠎ᠠ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠺᠠᠳ᠋ᠷ ᠣᠯᠠᠨ ᠲᠦᠮᠡᠨ ᠳᠤ ᠵᠢᠷᠦᠬᠡ ᠠᠭᠤᠰᠬᠢᠨ ᠤ ᠰᠡᠷᠭᠦᠯᠲᠡ᠂ ᠠᠮᠢᠰᠬᠤᠯ ᠤᠨ ᠵᠠᠮ ᠤᠨ ᠣᠨᠳᠣᠤ ᠪᠣᠳᠠᠰ ᠤᠨ ᠲᠦᠭᠵᠢᠷᠡᠯ ᠵᠡᠷᠭᠡ ᠡᠳᠦᠷ ᠲᠤᠲᠤᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠲᠠᠶᠢᠯᠪᠤᠷᠢᠯᠠᠨ ᠥᠭᠴᠦ᠂ ︽ᠳᠠᠭᠤᠷᠢᠶᠠᠮᠠᠯ ᠬᠥᠮᠦᠨ︾ ᠢ ᠠᠰᠢᠭᠯᠠᠨ ᠵᠢᠷᠦᠬᠡ ᠠᠭᠤᠰᠬᠢᠨ ᠤ ᠰᠡᠷᠭᠦᠭᠡᠯᠲᠡ᠂ ᠬᠠᠶᠢᠮᠯᠢ ᠲᠦᠷᠭᠡᠨ ᠠᠪᠤᠷᠠᠬᠤ ᠠᠷᠭ᠎ᠠ ᠶᠢᠨ ᠵᠢᠷᠤᠮᠵᠢᠭᠰᠠᠨ ᠠᠵᠢᠯᠯᠠᠭᠠᠨ ᠤ ᠠᠯᠬᠤᠮ ᠳᠠᠷᠠᠭ᠎ᠠ ᠶᠢ ᠲᠤᠬᠠᠶ ᠶᠢᠨ ᠲᠠᠯᠠᠪᠠᠶ ᠳᠤ ᠦᠵᠡᠭᠦᠯᠵᠡᠶ᠃      ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ ᠢ ᠥᠷᠨᠢᠭᠦᠯᠦᠭᠰᠡᠨ ᠨᠢ ᠺᠠᠳ᠋ᠷ ᠣᠯᠠᠨ ᠲᠦᠮᠡᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠰᠤᠷᠤᠯᠴᠠᠨ ᠡᠵᠡᠮᠰᠢᠬᠦ ᠳᠤ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ᠂ ᠥᠪᠡᠷ ᠤᠨ ᠠᠮᠢ ᠨᠠᠰᠤᠨ ᠤ ᠠᠮᠤᠷ ᠲᠦᠪᠰᠢᠨ ᠢᠶᠠᠨ ᠬᠠᠮᠠᠭᠠᠯᠠᠵᠤ ᠴᠢᠳᠠᠬᠤ ᠪᠠᠷ ᠪᠠᠷᠠᠬᠤ ᠥᠬᠡᠶ᠂ ᠥᠪᠡᠷ ᠤᠨ ᠰᠣᠷᠣᠭᠰᠠᠨ ᠮᠡᠳᠡᠯᠭᠡ ᠪᠠᠷ ᠢᠶᠠᠨ ᠳᠠᠮᠵᠢᠭᠤᠯᠤᠨ ᠪᠤᠰᠤᠳ ᠢ ᠬᠠᠪᠰᠤᠷᠤᠨ᠎ᠠ ᠭᠡᠵᠦ ᠣᠯᠠᠨ ᠢᠶᠠᠷ ᠢᠶᠠᠨ ᠢᠯᠡᠳᠬᠡᠵᠡᠭᠡᠪᠡ᠃      ᠣᠶᠢᠯᠠᠭᠠᠭᠰᠠᠨ ᠢᠶᠠᠷ᠂ ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠣᠶᠢᠷ᠎ᠠ ᠶᠢᠨ ᠬᠤᠭᠤᠴᠠᠭᠠᠨ ᠳᠤ ᠦᠷᠭᠦᠯᠵᠢᠯᠡᠨ ᠪᠥᠬᠦ ᠰᠢᠶᠠᠨ ᠤ ᠬᠡᠪᠴᠢᠶᠡᠨ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ ᠤᠨ ︽ᠲᠠᠪᠤ ᠶᠢ ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠪᠥᠬᠦ ᠰᠢᠶᠠᠨ ᠤ ᠺᠠᠳ᠋ᠷ ᠣᠯᠠᠨ ᠲᠦᠮᠡᠨ ᠳᠤ ᠬᠦᠴᠦᠨ ᠨᠡᠮᠡᠷᠢᠯᠡᠵᠦ᠂ ᠪᠠᠭᠰᠢ ᠰᠤᠷᠤᠭᠴᠢᠳ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ︽ᠬᠥᠮᠦᠨ ᠪᠦᠬᠦᠨ ᠲᠦᠷᠭᠡᠨ ᠠᠪᠤᠷᠠᠬᠤ ᠶᠢ ᠰᠤᠷᠴᠤ᠂ ᠲᠦᠷᠭᠡᠨ ᠠᠪᠤᠷᠠᠯᠲᠠ ᠬᠢᠬᠦ ᠶᠢ ᠬᠥᠮᠦᠨ ᠪᠦᠬᠦᠨ ᠬᠢᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3