ᠪᠦᠬᠦ ᠰᠢᠶᠠᠨ ᠤ ᠱᠠᠰᠢᠨ ᠰᠤᠷᠲᠠᠬᠤᠨ ᠤ ᠠᠵᠢᠯ ᠤᠨ ᠺᠠᠳ᠋ᠷ ᠤᠨ ᠴᠢᠳᠠᠪᠤᠷᠢ ᠬᠡᠪ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠠᠵᠢᠯ ᠤᠨ ᠭᠤᠷᠪᠠᠨ ᠱᠠᠲᠤᠨ ᠤ ᠰᠦᠯᠵᠢᠶ᠎ᠡ ᠬᠤᠶᠠᠷ | ᠱᠠᠲᠤᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ | 17 ᠤ ᠡᠳᠦᠷ᠂ ᠰᠢᠩ ᠾᠧ ᠰᠢᠶᠠᠨ 2024 ᠣᠨ ᠤ ᠪᠥᠬᠦ ᠰᠢᠶᠠᠨ ᠤ ᠱᠠᠰᠢᠨ ᠰᠤᠷᠲᠠᠬᠤᠨ ᠤ ᠠᠵᠢᠯ ᠤᠨ | ᠺᠠᠳ᠋ᠷ ᠤᠨ ᠪᠣᠯᠪᠠᠰᠤᠷᠠᠯ ᠤᠨ ᠠᠩᠭᠢ ᠡᠷᠭᠢᠯᠡᠪᠡ᠃ | ᠬᠤᠷᠠᠯ ᠠᠴᠠ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠱᠠᠰᠢᠨ ᠰᠤᠷᠲᠠᠬᠤᠨ ᠤ ᠰᠠᠯᠠᠭᠠᠨ ᠤ ᠬᠦᠴᠦᠨ ︽ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠨ ᠱᠠᠲᠤᠨ ᠤ | ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠵᠦ᠂ | ᠱᠠᠰᠢᠨ ᠰᠤᠷᠲᠠᠬᠤᠨ ᠤ ᠠᠰᠠᠭᠤᠳᠠᠯ ᠨᠢ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ᠂ ᠣᠳᠣᠬᠠᠨ ᠤ ᠱᠠᠰᠢᠨ | ᠰᠤᠷᠲᠠᠬᠤᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ᠂ ᠨᠠᠮ ᠤᠨ ᠱᠠᠰᠢᠨ ᠰᠤᠷᠲᠠᠬᠤᠨ ᠤ ᠠᠵᠢᠯ ᠤᠨ | ᠦᠨᠳᠦᠰᠦᠨ ᠴᠢᠭᠯᠡᠯᠲᠡ᠂ ᠨᠠᠮ ᠤᠨ ᠱᠠᠰᠢᠨ ᠰᠤᠷᠲᠠᠬᠤᠨ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ | ᠳᠥᠷᠪᠡᠨ ᠲᠠᠯ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠱᠠᠰᠢᠨ ᠰᠤᠷᠲᠠᠬᠤᠨ ᠤ ᠠᠵᠢᠯ ᠤᠨ ᠺᠠᠳ᠋ᠷ ᠶᠡᠷᠦᠩᠬᠡᠢ ᠱᠦᠵᠢ | ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠪᠦᠬᠦ ᠤᠯᠤᠰ᠂ ᠪᠦᠬᠦ | ᠣᠷᠣᠨ᠂ ᠪᠦᠬᠦ ᠬᠤᠳᠠ ᠶᠢᠨ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠰᠢᠢᠳᠪᠦᠷᠢᠯᠡᠬᠦ ᠴᠢᠳᠠᠪᠤᠷᠢ ᠶᠢᠨ | ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠬᠦᠷᠢᠶᠡᠨ ᠤ ᠠᠶᠤᠯ ᠲᠦᠭᠰᠢᠭᠦᠷᠢ ᠭᠡᠮ | ᠰᠣᠭᠤᠭ ᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ | ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠱᠠᠰᠢᠨ | ᠰᠤᠷᠲᠠᠬᠤᠨ ᠤ ᠠᠵᠢᠯ ᠤᠨ ᠨᠠᠮ ᠪᠣᠯᠤᠨ ᠤᠯᠤᠰ ᠲᠤ ᠦᠵᠡᠭᠦᠯᠬᠦ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ | ᠶᠣᠰᠣᠭᠠᠷ ᠬᠠᠮᠢᠶᠠᠷᠬᠤ ᠶᠢ ᠪᠠᠷᠢᠮᠲᠠᠯᠠᠵᠤ᠂ ᠱᠠᠰᠢᠨ ᠰᠤᠷᠲᠠᠬᠤᠨ ᠤ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ | ᠂ ᠭᠡᠮ ᠰᠣᠭᠤᠭ ᠢ ᠠᠷᠢᠯᠭᠠᠬᠤ᠂ ᠠᠮᠤᠷ ᠲᠦᠪᠰᠢᠨ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |