ᠰᠢᠩ ᠾᠧ ᠰᠢᠶᠠᠨ ᠤ ︽ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ︾᠎ ᠨᠢ ᠨᠠᠰᠤᠲᠠᠶᠢᠴᠤᠳ ᠤᠨ ᠳᠦᠭᠦᠷᠡᠩ ᠵᠣᠯ ᠵᠢᠷᠭᠠᠯ ᠢ ᠠᠪᠴᠢᠷᠠᠪᠠ
ᠨᠡᠶᠢᠲᠡᠯᠡᠭᠰᠡᠨ ᠴᠠᠭ᠄
2024/5/20
     ᠡᠮᠴᠢᠯᠡᠭᠡ ᠨᠠᠰᠤᠵᠢᠯ ᠢ ᠤᠶᠠᠯᠳᠤᠭᠤᠯᠬᠤ ᠶᠢ ᠨᠡᠩ ᠰᠠᠶᠢᠲᠤᠷ ᠠᠬᠢᠭᠤᠯᠵᠤ᠂ ᠨᠠᠰᠤᠲᠠᠶᠢᠴᠤᠳ ᠲᠤ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡᠨ ᠬᠠᠩᠭᠠᠵᠤ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠶᠢᠨ ᠲᠤᠰᠠᠳᠠ᠃ 5 ᠰᠠᠷ᠎ᠠ ᠶᠢᠨ 17᠎ ᠤ ᠡᠳᠦᠷ᠂ ᠰᠢᠩ ᠾᠧ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠣᠯᠤᠨ ᠰᠢᠩ ᠾᠧ ᠰᠢᠶᠠᠨ ᠤ ᠤᠯᠠᠭᠠᠨ ᠮᠧᠶ ᠨᠠᠰᠤᠵᠢᠯ ᠤᠨ ᠠᠰᠠᠷᠠᠮᠵᠢ ᠶᠢᠨ ᠰᠤᠪᠢᠯᠠᠯᠲᠠ ᠶᠢᠨ ᠲᠥᠪ ᠤᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠠᠴᠠ ᠨᠠᠰᠤᠲᠠᠶᠢᠴᠤᠳ ᠤᠨ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠵᠦ᠂ ᠡᠳᠦᠷ ᠲᠤᠲᠤᠮ ᠤᠨ ᠰᠤᠪᠢᠯᠠᠯᠲᠠ ᠪᠠ ᠹᠢᠽᠢᠺ ᠵᠠᠰᠠᠯ ᠢᠶᠠᠷ ᠡᠷᠡᠭᠦᠯᠵᠢᠭᠦᠯᠬᠦ ᠬᠡᠷᠡᠭᠲᠡᠢ᠂ ᠡᠨᠡ ᠪᠣᠯ ᠰᠢᠩ ᠾᠧ ᠰᠢᠶᠠᠨ ᠤ ︽ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ︾ ᠰᠢᠨ᠎ᠡ ᠵᠠᠭᠪᠤᠷ ᠢ ᠬᠡᠷᠡᠭᠵᠢᠭᠦᠯᠵᠦ᠂ ᠨᠠᠰᠤᠲᠠᠶᠢᠴᠤᠳ ᠤᠨ ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠬᠦ ᠶᠢᠨ ᠬᠤᠷᠢᠶᠠᠩᠭᠤᠶ ᠳᠦᠷᠰᠦ ᠪᠣᠯᠤᠨ᠎ᠠ᠃      ᠰᠢᠩ ᠾᠧ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠬᠦ ᠳᠤ᠂ ᠨᠠᠰᠤᠲᠠᠶᠢᠴᠤᠳ ᠤᠨ ᠵᠠᠷᠢᠮ ᠨᠢ ᠴᠢᠰᠤᠨ ᠳᠠᠷᠤᠯᠲᠠ ᠶᠢ ᠬᠡᠮᠵᠢᠵᠤ ᠪᠠᠶᠢᠨ᠎ᠠ᠂ ᠵᠠᠷᠢᠮ ᠨᠢ ᠶᠠᠭ ᠡᠮᠴᠢ ᠶᠢᠨ ᠲᠤᠰᠬᠠᠶᠢᠵᠢᠭᠰᠠᠨ ᠣᠨᠣᠰᠢᠯᠠᠨ ᠡᠮᠨᠡᠵᠤ ᠪᠠᠶᠢᠨ᠎ᠠ᠂ ᠵᠠᠷᠢᠮ ᠨᠢ ᠹᠢᠽᠢᠺ ᠵᠠᠰᠠᠯ ᠬᠢᠵᠦ ᠪᠠᠶᠢᠨ᠎ᠠ ᠁ ᠨᠠᠷᠢᠨ ᠨᠢᠮᠪᠠᠶ ᠦᠶ᠋ᠯᠡᠴᠢᠯᠡᠭᠡ ᠨᠢ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠶ᠋ᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠨᠠᠰᠤᠲᠠᠶᠢᠴᠤᠳ ᠤᠨ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ ᠳᠠᠬᠢᠨ ᠢᠶᠠᠷ ᠨᠡᠮᠡᠭᠳᠡᠭᠦᠯᠪᠡ᠃      ᠣᠶᠢᠷ᠎ᠠ ᠶᠢᠨ ᠵᠢᠯ ᠠᠴᠠ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠡᠪᠡᠳᠴᠢᠨ ᠦᠵᠡᠭᠦᠯᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠰᠢᠩ ᠾᠧ ᠰᠢᠶᠠᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠰᠢᠨ᠎ᠡ ᠵᠠᠭᠪᠤᠷ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠨᠠᠰᠤᠲᠠᠶᠢᠴᠤᠳ ᠲᠤ ︽ᠥᠲᠡᠯᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ ᠪᠠᠶᠢᠬᠤ︾ ᠥᠲᠡᠯᠦᠭᠡ ᠨᠠᠰᠤᠨ ᠤ ᠠᠮᠢᠳᠤᠷᠠᠯ ᠢ ᠡᠳ᠋ᠯᠡᠭᠦᠯᠵᠦ᠂ ᠨᠠᠰᠤᠲᠠᠶᠢᠴᠤᠳ ᠤᠨ ᠰᠤᠪᠢᠯᠠᠯᠲᠠ᠂ ᠡᠮᠴᠢᠯᠡᠭᠡ ᠰᠤᠪᠢᠯᠠᠯᠲᠠ᠂ ᠡᠷᠡᠭᠦᠯᠵᠢᠯ ᠵᠡᠷᠭᠡ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠬᠠᠩᠭᠠᠵᠤ᠂ ᠡᠮᠴᠢᠯᠡᠭᠡ ᠬᠢᠭᠡᠳ ᠨᠠᠰᠤᠵᠢᠯ ᠤᠨ ᠦᠢᠯᠡᠴᠢᠯᠡᠭᠡᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3