ᠦ᠋ ᠬᠥ᠋ ᠴᠢᠤᠸᠠᠨ ᠰᠢᠶᠠᠩ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠢ ᠵᠣᠬᠢᠶᠠᠨ ᠪᠠᠶᠢᠭᠤᠯᠵᠤ ᠣᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/5/20
     ᠵᠢᠯ ᠤᠨ ᠶᠠᠪᠤᠳᠠᠯ ᠬᠠᠪᠤᠷ ᠲᠤ ᠪᠤᠢ᠂ ᠡᠨᠡ ᠵᠢᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠦ᠋ ᠭᠦ᠋ ᠴᠢᠤᠸᠠᠨ ᠰᠢᠶᠠᠩ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠳᠤ ᠬᠦᠴᠦ ᠨᠡᠮᠡᠷᠢᠯᠡᠵᠦ᠂ ᠡᠨᠡ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠪᠠ᠃      ᠲᠠᠷᠢᠶᠠᠨ ᠭᠠᠵᠠᠷ ᠠᠴᠠ ᠤᠯᠠᠮᠵᠢᠯᠠᠭᠳᠠᠨ ᠢᠷᠡᠬᠦ ᠲᠠᠷᠢᠶᠠᠯᠠᠬᠤ ᠮᠠᠰᠢᠨ ᠢᠶᠠᠷ ᠲᠠᠷᠢᠬᠤ ᠬᠦᠩᠭᠢᠨᠡᠮ᠎ᠡ ᠳᠠᠭᠤᠨ ᠳᠤᠮᠳᠠ᠂ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠨᠢᠭᠡ ᠮᠥᠬᠦᠯᠢᠭ ᠠᠮᠤ ᠳᠠᠷᠢᠬᠤ᠂ ᠨᠠᠮᠤᠷ ᠤᠨ ᠬᠤᠷᠢᠶᠠᠯᠲᠠ ᠶᠢᠨ ᠰᠡᠳᠬᠢᠯ ᠳᠦᠭᠦᠷᠡᠩ ᠬᠦᠰᠡᠯ ᠡᠷᠡᠮᠡᠯᠵᠡᠯ ᠢ ᠠᠴᠢᠶᠠᠯᠠᠵᠤ᠂ ᠲᠥᠯᠥᠭᠡᠯᠡᠭᠴᠢ ᠭᠡᠰᠢᠭᠦᠳ ᠲᠠᠷᠢᠶᠠᠴᠢᠨ ᠡᠷᠦᠬᠡ ᠳᠤ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ᠂ ᠤᠰᠤ ᠶᠢ ᠠᠷᠪᠢᠯᠠᠬᠤ ᠲᠦᠷᠢᠮ᠂ ᠰᠦᠯᠢᠶᠣᠣ ᠪᠦᠷᠬᠦᠪᠴᠢ ᠶᠢ ᠬᠡᠷᠡᠭᠯᠡᠬᠦ ᠪᠠ ᠬᠤᠷᠢᠶᠠᠨ ᠠᠪᠬᠤ᠂ ᠲᠠᠷᠢᠶᠠᠴᠢᠳ ᠢ ᠪᠠᠶᠠᠵᠢᠭᠤᠯᠤᠨ ᠲᠠᠷᠢᠶᠠᠴᠢᠳ ᠲᠤ ᠠᠰᠢᠭ ᠬᠦᠷᠲᠡᠭᠡᠬᠦ ᠵᠡᠷᠭᠡ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠴᠠᠭ ᠠᠭᠤᠷ ᠤᠨ ᠤᠷᠢᠳᠴᠢᠯᠠᠭᠰᠠᠨ ᠮᠡᠳᠡᠭᠡᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠷᠭᠡᠵᠦ᠂ ᠲᠠᠷᠢᠶᠠᠴᠢᠨ ᠡᠷᠦᠬᠡ ᠶᠢᠨ ᠡᠷᠲᠡ ᠤᠷᠢᠳᠴᠢᠯᠠᠨ ᠮᠡᠳᠡᠬᠦ᠂ ᠡᠷᠲᠡ ᠲᠥᠯᠥᠪᠵᠢᠭᠦᠯᠬᠦ᠂ ᠡᠷᠲᠡ ᠰᠡᠷᠭᠡᠶᠢᠯᠡᠬᠦ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠲᠠᠷᠢᠶᠠᠴᠢᠨ ᠡᠷᠦᠬᠡ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠢᠳᠡᠪᠬᠢᠵᠢᠯ ᠢ ᠭᠦᠢᠴᠡᠳ ᠳᠠᠶᠢᠴᠢᠯᠠᠪᠠ᠃ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠠᠷᠠᠳ ᠤᠨ ᠪᠠᠶᠢᠳᠠᠯ ᠢ ᠣᠶᠢᠯᠠᠭᠠᠵᠤ ᠠᠷᠠᠳ ᠤᠨ ᠰᠠᠨᠠᠭ᠎ᠠ ᠶᠢ ᠣᠶᠢᠯᠠᠭᠠᠬᠤ ᠥᠬᠡᠶ ᠪᠠᠶᠢᠵᠤ᠂ ᠲᠠᠷᠢᠶᠠᠴᠢᠨ ᠡᠷᠦᠬᠡ ᠶᠢᠨ ᠦᠷ᠎ᠡ ᠡᠭᠦᠯᠳᠡᠷ ᠢ ᠰᠣᠩᠭᠤᠨ ᠬᠤᠳᠠᠯᠳᠤᠨ ᠠᠪᠬᠤ᠂ ᠪᠣᠷᠲᠣᠭᠤᠷ ᠰᠢᠯᠵᠢᠭᠦᠯᠦᠨ ᠳᠣᠭᠢᠷᠠᠭᠤᠯᠬᠤ᠂ ᠲᠠᠷᠢᠶᠠᠯᠠᠩ ᠤᠨ ᠮᠠᠰᠢᠨ ᠢ ᠬᠡᠷᠡᠭᠯᠡᠨ ᠠᠵᠢᠯᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠵᠢᠴᠢ ᠬᠠᠪᠤᠷ ᠤᠨ ᠲᠠᠷᠢᠶᠠᠯᠠᠭ᠎ᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠣᠶᠢᠯᠠᠭᠠᠵᠤ᠂ ᠲᠠᠷᠢᠶᠠᠴᠢᠨ ᠡᠷᠦᠬᠡ ᠶᠢᠨ ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠠᠪᠤᠷ ᠤᠨ ᠤᠯᠠᠷᠢᠯ ᠳᠤ ᠵᠦᠶ ᠵᠣᠬᠢᠰᠲᠠᠶ ᠡᠮᠬᠢ ᠵᠢᠷᠤᠮ ᠲᠠᠢ ᠳᠠᠷᠢᠵᠤ᠂ ᠠᠮᠤᠷ ᠲᠦᠪᠰᠢᠨ ᠲᠣᠭᠲᠠᠭᠤᠨ ᠢᠶᠠᠷ ᠦᠢᠯᠡᠳᠪᠦᠷᠢᠯᠡᠬᠦ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠵᠢᠯ ᠢ ᠳᠠᠬᠢᠨ ᠡᠭᠦᠳᠬᠦ ᠬᠡᠷᠡᠭᠲᠡᠶ᠃      ᠳᠠᠷᠠᠭᠠᠴᠢ ᠶᠢᠨ ᠠᠯᠬᠤᠮ ᠳᠤ᠂ ᠡᠦ ᠭᠦ᠋ ᠴᠢᠤᠸᠠᠨ ᠰᠢᠶᠠᠩ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠢ ᠦᠷᠭᠦᠯᠵᠢᠯᠡᠨ ᠤᠯᠠᠨ ᠲᠦᠮᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠤᠨ ᠲᠠᠶᠢᠯᠪᠤᠷᠢᠯᠠᠭᠴᠢ᠂ ᠮᠡᠷᠭᠡᠵᠢᠯ ᠤᠨ ᠵᠢᠭᠠᠨ ᠵᠢᠯᠤᠭᠤᠳᠤᠬᠴᠢ ᠪᠣᠯᠭᠠᠵᠤ᠂ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠤᠨ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠦᠢᠯᠡᠴᠢᠯᠡᠭᠡ ᠳᠤ ︽ᠵᠠᠢ ᠦᠭᠡᠢ︾ ᠪᠠᠶᠢᠬᠤ ᠶᠢ ᠪᠡᠶᠡᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ᠃               ᠵᠤᠬᠢᠶᠠᠭᠴᠢ᠄ ᠦ᠋ ᠬᠥ᠋ ᠴᠢᠤᠸᠠᠨ ᠰᠢᠶᠠᠩ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3