ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠭᠦᠨᠵᠡᠭᠡᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ | ᠱᠠᠭᠠᠷᠳᠠᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠴᠠᠭᠳᠠᠭ᠎ᠠ ᠶᠢᠨ | ᠠᠷᠢᠭᠤᠨ ᠴᠢᠬᠡᠴᠢ ᠶᠢ ᠴᠠᠭᠳᠠᠭ᠎ᠠ ᠶᠢᠨ ᠦᠵᠡᠯ ᠰᠠᠨᠠᠭᠠᠨ ᠤ ᠰᠠᠭᠤᠷᠢ ᠪᠣᠯᠤᠨ ᠢᠯᠵᠢᠷᠡᠯ ᠢ ᠡᠰᠡᠷᠭᠦᠴᠡᠵᠦ | ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ | 2024 ᠣᠨ ᠤ 4 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠰᠢᠩ ᠾᠧ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠬᠤᠷᠠᠯ ᠢ ᠲᠤᠪᠴᠢᠶ᠎ᠠ ᠶᠢᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠱᠦᠵᠢ ᠡᠷᠬᠢᠯᠡᠵᠦ᠂ ᠲᠣᠪᠴᠢᠶᠠᠨ ᠤ ᠨᠠᠮ ᠤᠨ ᠬᠤᠷᠢᠶᠠᠨ ᠤ ᠡᠯ᠎ᠡ ᠪᠦᠷᠢᠯᠳᠦᠬᠦᠨ ᠪᠣᠯᠤᠨ ᠪᠦᠬᠦ ᠨᠠᠮ ᠤᠨ ᠭᠡᠰᠢᠭᠦᠨ | ᠠᠷᠠᠳ ᠤᠨ ᠲᠤᠰᠠᠯᠠᠬᠤ ᠴᠠᠭᠳᠠᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ ᠦᠷᠭᠦᠯᠵᠢᠯᠡᠨ ᠬᠦᠴᠦᠯᠡᠵᠦ᠂ ᠨᠢᠭᠡᠳᠦᠭᠡᠷ ᠪᠦᠯᠦᠭ ︽ᠥᠪᠡᠷᠮᠢᠴᠡ ᠬᠦᠴᠢᠷ ᠠᠰᠠᠭᠤᠳᠠᠯ ᠢ | ᠰᠢᠢᠳᠪᠦᠷᠢᠯᠡᠬᠦ︾ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ᠃ ᠨᠢᠭᠡ ᠲᠠᠯ᠎ᠠ ᠪᠠᠷ ᠥᠷᠭᠡᠨ | ᠣᠯᠠᠨ ᠺᠠᠳ᠋ᠷ ᠴᠠᠭᠳᠠᠭ᠎ᠠ ᠨᠠᠷ ᠲᠤ ᠮᠠᠨ ᠤ ᠨᠠᠮ ᠤᠨ ᠶᠠᠮᠠᠷᠪᠠ ᠴᠠᠭ ᠦᠶ᠎ᠡ ᠳᠤ᠂ ᠡᠷᠡᠰ ᠭᠤᠶᠢᠪᠢᠰᠢ ᠦᠭᠡᠢ ᠪᠠᠷ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠡᠷᠡᠰ ᠵᠣᠷᠢᠭ ᠪᠠ ᠢᠯᠵᠠᠷᠠᠯ ᠢ ᠡᠰᠡᠷᠭᠦᠴᠡᠨ ᠱᠠᠮᠰᠢᠬᠤ ᠶᠢ ᠵᠠᠯᠬᠠᠭᠠᠬᠤ ᠡᠷᠴᠢᠮ ᠢ | ᠢᠮᠠᠭᠲᠠ ᠪᠠᠷᠢᠮᠲᠠᠯᠠᠵᠤ᠂ ᠨᠥᠭᠦᠭᠡ ᠲᠠᠯ᠎ᠠ ᠪᠠᠷ ᠥᠷᠭᠡᠨ ᠣᠯᠠᠨ ᠨᠠᠮ ᠤᠨ ᠭᠡᠰᠢᠭᠦᠨ ᠢ ᠪᠢᠰᠢᠷᠡᠨ ᠵᠢᠷᠦᠬᠡᠰᠢᠶᠡᠬᠦ ᠶᠢ | ᠮᠡᠳᠡᠵᠦ᠂ ᠬᠠᠤᠯᠢ ᠰᠠᠬᠢᠯᠭ᠎ᠠ ᠶᠢ ᠲᠣᠳᠣᠷᠬᠠᠶᠢᠯᠠᠵᠤ᠂ ᠬᠤᠷᠢᠭ᠎ᠠ ᠱᠤᠭᠤᠮ ᠢ ᠰᠠᠬᠢᠵᠤ᠂ ᠴᠠᠭ ᠢᠮᠠᠭᠲᠠ ᠲᠠᠷᠢᠬᠢ | ᠲᠣᠯᠣᠭᠠᠶ ᠪᠠᠨ ᠰᠡᠷᠭᠡᠭ ᠪᠠᠶᠢᠯᠭᠠᠵᠤ᠂ ᠡᠯ᠎ᠡ ᠵᠦᠢᠯ ᠤᠨ ᠲᠠᠲᠠᠬᠤ ᠬᠦᠴᠦᠨ ᠤ ᠡᠮᠦᠨ᠎ᠡ ᠴᠥᠮ ᠯᠠᠪᠳᠠᠭᠤᠨ ᠪᠠᠲᠤᠲᠠᠶ | ᠠᠯᠬᠤᠵᠤ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠦ ᠰᠡᠷᠡᠮᠵᠢᠯᠡᠭᠦᠯᠪᠡ᠃ ᠳᠠᠷᠠᠭ᠎ᠠ ᠨᠢ᠂ | ᠪᠦᠬᠦ ᠨᠠᠮ ᠤᠨ ᠭᠡᠰᠢᠭᠦᠳ ᠲᠣᠪᠴᠢᠶᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ | ᠭᠠᠵᠠᠷ ᠢ ᠲᠣᠭᠤᠷᠢᠨ ᠦᠵᠡᠪᠡ᠃ | ᠬᠤᠷᠠᠯ ᠠᠴᠠ ᠱᠠᠭᠠᠷᠳᠠᠭᠰᠠᠨ ᠨᠢ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠵᠤ᠂ ᠤᠯᠤᠰ ᠲᠦᠷᠦ ᠶᠢᠨ ᠮᠡᠳᠡᠷᠡᠮᠵᠢ᠂ ᠦᠵᠡᠯ | ᠰᠠᠨᠠᠭᠠᠨ ᠤ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ᠪᠦᠬᠦ ᠲᠠᠯ᠎ᠠ ᠪᠠᠷ ᠨᠠᠮ ᠢ ᠬᠠᠮᠢᠶᠠᠷᠴᠤ | ᠴᠠᠭᠳᠠᠭ᠎ᠠ ᠶᠢ ᠴᠢᠩᠭ᠎ᠠ ᠵᠠᠰᠠᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ | ᠲᠣᠭᠤᠷᠢᠨ ᠳᠤ᠂ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠨᠠᠮ ᠪᠣᠯᠤᠨ ᠠᠷᠠᠳ | ᠲᠦᠮᠡᠨ ᠤ ᠢᠲᠡᠭᠡᠮᠵᠢᠲᠡᠢ᠂ ᠨᠠᠶᠢᠳᠠᠪᠤᠷᠢᠲᠠᠢ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ | ᠴᠢᠷᠮᠠᠶᠢᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ︽ᠬᠤᠮᠣᠷᠭᠠᠯᠠᠨ ᠠᠩᠨᠠᠬᠤ︾ ᠠᠶᠤᠯ ᠲᠦᠭᠰᠢᠭᠦᠷᠢ ᠶᠢ ᠴᠠᠭ ᠢᠮᠠᠭᠲᠠ | ᠰᠡᠷᠡᠮᠵᠢᠯᠡᠬᠦ ᠪᠠ ᠰᠡᠷᠭᠡᠶᠢᠯᠡᠵᠦ᠂ ᠲᠠᠷᠢᠬᠢ ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ᠂ ᠤᠬᠠᠮᠰᠠᠷ ᠠᠴᠠ ᠪᠠᠨ | ᠨᠠᠶᠢᠵᠠ ᠨᠠᠷ ᠤᠨ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢ ᠴᠡᠪᠡᠷᠰᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ | ᠳᠤᠷ᠎ᠠ ᠰᠣᠨᠢᠷᠬᠠᠯ ᠢ ᠪᠤᠶᠢᠵᠢᠭᠤᠯᠬᠤ ᠬᠡᠷᠡᠭᠲᠡᠶ᠃ ᠭᠡᠷ ᠤᠨ ᠰᠤᠷᠲᠠᠯ ᠭᠡᠷ ᠤᠨ ᠬᠥᠮᠦᠵᠢᠯ ᠤᠨ ᠪᠠᠶᠢᠭᠤᠯᠤᠯᠲᠠ ᠶᠢ | ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠣᠯᠭᠠᠵᠤ᠂ ᠭᠡᠷ ᠪᠦᠯᠢ ᠶᠢᠨ | ᠲᠦᠷᠦᠯ ᠰᠠᠳᠤᠨ ᠢᠶᠠᠨ ᠰᠠᠶᠢᠲᠤᠷ ᠬᠠᠮᠢᠶᠠᠷᠴᠤ᠂ ᠤᠳᠤᠷᠢᠳᠬᠤ ᠺᠠᠳ᠋ᠷ ᠤᠨ ᠬᠠᠨᠢ ᠨᠥᠬᠦᠷ᠂ ᠦᠷ᠎ᠡ ᠬᠡᠦᠬᠡᠳ ᠤᠨ | ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠭᠦᠨᠵᠡᠭᠡᠶᠢᠷᠡᠭᠦᠯᠦᠨ ᠨᠠᠷᠢᠯᠢᠬᠵᠢᠭᠤᠯᠵᠤ᠂ ᠴᠢᠩᠭ᠎ᠠ ᠬᠡᠷᠡᠭᠵᠢᠭᠦᠯᠬᠦ ᠬᠡᠷᠡᠭᠲᠡᠢ᠃ | ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠤᠬᠠᠮᠰᠠᠷ ᠠᠴᠠ ᠪᠠᠨ ᠡᠰᠡᠷᠭᠦᠴᠡᠵᠦ᠂ | ᠠᠯᠪᠠᠨ ᠵᠠᠷᠤᠴᠠ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ | ᠤᠯᠠᠨ ᠲᠦᠮᠡᠨ ᠯᠦᠭᠡ ᠶᠢᠨ ᠴᠢᠰᠤ ᠮᠢᠬᠠᠨ ᠤ ᠬᠠᠷᠢᠴᠠᠭ᠎ᠠ ᠪᠠᠨ ᠢᠮᠠᠭᠲᠠ ᠪᠠᠲᠤᠯᠠᠬᠤ ᠬᠡᠷᠡᠭᠲᠡᠶ᠃ | ᠬᠤᠷᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠲᠤᠰᠠᠯᠠᠭᠴᠢ ᠴᠠᠭᠳᠠᠭ᠎ᠠ ᠨᠠᠷ ᠢᠯᠡᠷᠬᠡᠶᠢᠯᠡᠬᠦ ᠳᠡᠭᠡᠨ᠂ | ᠲᠣᠰ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠡᠷᠭᠢᠯᠡᠬᠦ ᠪᠠᠷ ᠳᠡᠮᠵᠢᠨ᠂ ᠰᠡᠳᠬᠢᠯ ᠰᠠᠨᠠᠭ᠎ᠠ ᠪᠠ | ᠦᠵᠡᠯ ᠰᠠᠨᠠᠭ᠎ᠠ ᠴᠥᠮ ᠴᠢᠩᠭ᠎ᠠ ᠳᠠᠭᠠᠷᠢᠯᠲᠠ ᠳᠤ ᠤᠴᠠᠷᠠᠪᠠ᠃ ᠬᠤᠶᠢᠰᠢᠳᠠ ᠶᠢᠨ ᠠᠵᠢᠯ ᠤᠨ ᠳᠤᠮᠳᠠ᠂ | ᠬᠡᠷᠡᠭ ᠢᠶᠠᠷ ᠲᠤᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠠᠭ ᠢᠮᠠᠭᠲᠠ ᠪᠢᠰᠢᠷᠡᠨ | ᠵᠢᠷᠦᠬᠡᠰᠢᠶᠡᠬᠦ ᠰᠡᠳᠬᠢᠯᠭᠡ ᠶᠢ ᠪᠠᠲᠤᠯᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠲᠡᠢ᠃ | ᠡᠭᠦᠨ ᠤ ᠬᠠᠮᠲᠤ᠂ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠶᠠᠭ ᠥᠷᠨᠢᠭᠦᠯᠵᠦ | ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ | ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠤᠬᠠᠮᠰᠠᠷ ᠠᠴᠠ ᠪᠠᠨ | ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠰᠤᠷᠲᠠᠯ ᠢᠶᠠᠨ ᠪᠠᠳᠠᠷᠠᠭᠤᠯᠵᠤ᠂ ᠠᠷᠢᠭᠤᠨ | ᠴᠢᠬᠡᠴᠢ ᠲᠥᠪ ᠭᠤᠣᠯᠴᠢ ᠰᠠᠭᠤᠷᠢ ᠶᠢ ᠵᠢᠷᠤᠭᠯᠠᠵᠤ᠂ ᠠᠮᠤᠷ ᠠᠮᠤᠭᠤᠯᠠᠩ ᠬᠥᠭᠵᠢᠯ ᠮᠠᠨᠳᠤᠯ ᠢ ᠪᠠᠶᠢᠭᠤᠯᠬᠤ ᠳᠤ | ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠪᠡ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |