ᠰᠢᠩ ᠾᠧ ᠰᠢᠶᠠᠨ 2024 ᠣᠨ ᠤ ᠪᠦᠬᠦ ᠰᠢᠶᠠᠨ ᠤ ᠱᠠᠰᠢᠨ ᠰᠤᠷᠲᠠᠬᠤᠨ ᠤ ᠠᠵᠢᠯ ᠤᠨ ᠺᠠᠳ᠋ᠷ ᠤᠨ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2024/5/20
     ᠪᠦᠬᠦ ᠰᠢᠶᠠᠨ ᠤ ᠱᠠᠰᠢᠨ ᠰᠤᠷᠲᠠᠬᠤᠨ ᠤ ᠠᠵᠢᠯ ᠤᠨ ᠺᠠᠳ᠋ᠷ ᠤᠨ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠠᠵᠢᠯ ᠤᠨ ᠭᠤᠷᠪᠠᠨ ᠱᠠᠲᠤᠨ ᠤ ᠰᠦᠯᠵᠢᠶ᠎ᠡ ᠬᠤᠶᠠᠷ ᠱᠠᠲᠤᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 17 ᠤ ᠡᠳᠦᠷ᠂ ᠰᠢᠩ ᠾᠧ ᠰᠢᠶᠠᠨ 2024 ᠣᠨ ᠤ ᠪᠥᠬᠦ ᠰᠢᠶᠠᠨ ᠤ ᠱᠠᠰᠢᠨ ᠰᠤᠷᠲᠠᠬᠤᠨ ᠤ ᠠᠵᠢᠯ ᠤᠨ ᠺᠠᠳ᠋ᠷ ᠤᠨ ᠪᠣᠯᠪᠠᠰᠤᠷᠠᠯ ᠤᠨ ᠠᠩᠭᠢ ᠡᠷᠭᠢᠯᠡᠪᠡ᠃      ᠬᠤᠷᠠᠯ ᠠᠴᠠ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠱᠠᠰᠢᠨ ᠰᠤᠷᠲᠠᠬᠤᠨ ᠤ ᠰᠠᠯᠠᠭᠠᠨ ᠤ ᠬᠦᠴᠦᠨ ︽ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠵᠦ᠂ ᠱᠠᠰᠢᠨ ᠰᠤᠷᠲᠠᠬᠤᠨ ᠤ ᠠᠰᠠᠭᠤᠳᠠᠯ ᠨᠢ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ᠂ ᠣᠳᠣᠬᠠᠨ ᠤ ᠱᠠᠰᠢᠨ ᠰᠤᠷᠲᠠᠬᠤᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ᠂ ᠨᠠᠮ ᠤᠨ ᠱᠠᠰᠢᠨ ᠰᠤᠷᠲᠠᠬᠤᠨ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠳᠥᠷᠪᠡᠨ ᠲᠠᠯ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠱᠠᠰᠢᠨ ᠰᠤᠷᠲᠠᠬᠤᠨ ᠤ ᠠᠵᠢᠯ ᠤᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠰᠢᠢᠳᠪᠦᠷᠢᠯᠡᠬᠦ ᠴᠢᠳᠠᠪᠤᠷᠢ ᠶᠢᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠱᠠᠰᠢᠨ ᠰᠤᠷᠲᠠᠬᠤᠨ ᠤ ᠠᠵᠢᠯ ᠤᠨ ᠨᠠᠮ ᠪᠣᠯᠤᠨ ᠤᠯᠤᠰ ᠲᠤ ᠦᠵᠡᠭᠦᠯᠬᠦ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠶᠢ ᠪᠠᠷᠢᠮᠲᠠᠯᠠᠵᠤ᠂ ᠱᠠᠰᠢᠨ ᠰᠤᠷᠲᠠᠬᠤᠨ ᠤ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠂ ᠭᠡᠮ ᠰᠣᠭᠤᠭ ᠢ ᠠᠷᠢᠯᠭᠠᠬᠤ᠂ ᠠᠮᠤᠷ ᠲᠦᠪᠰᠢᠨ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3