ᠡᠮᠴᠢᠯᠡᠭᠡ ᠨᠠᠰᠤᠵᠢᠯ ᠢ ᠤᠶᠠᠯᠳᠤᠭᠤᠯᠬᠤ ᠶᠢ ᠨᠡᠩ ᠰᠠᠶᠢᠲᠤᠷ ᠠᠬᠢᠭᠤᠯᠵᠤ᠂ ᠨᠠᠰᠤᠲᠠᠶᠢᠴᠤᠳ ᠲᠤ ᠪᠦᠬᠦ | ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡᠨ ᠬᠠᠩᠭᠠᠵᠤ᠂ | ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠶᠢᠨ ᠲᠤᠰᠠᠳᠠ᠃ 5 ᠰᠠᠷ᠎ᠠ ᠶᠢᠨ 17 ᠤ | ᠡᠳᠦᠷ᠂ ᠰᠢᠩ ᠾᠧ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠣᠯᠤᠨ ᠰᠢᠩ ᠾᠧ | ᠰᠢᠶᠠᠨ ᠤ ᠤᠯᠠᠭᠠᠨ ᠮᠧᠶ ᠨᠠᠰᠤᠵᠢᠯ ᠤᠨ ᠠᠰᠠᠷᠠᠮᠵᠢ ᠶᠢᠨ ᠰᠤᠪᠢᠯᠠᠯᠲᠠ ᠶᠢᠨ ᠲᠥᠪ ᠤᠨ ᠬᠠᠮᠢᠶ᠎ᠠ ᠪᠥᠬᠦᠶ ᠲᠤᠰᠬᠠᠶ | ᠮᠡᠷᠭᠡᠵᠢᠯᠲᠡᠨ ᠠᠴᠠ ᠨᠠᠰᠤᠲᠠᠶᠢᠴᠤᠳ ᠤᠨ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠵᠦ᠂ ᠡᠳᠦᠷ | ᠲᠤᠲᠤᠮ ᠤᠨ ᠰᠤᠪᠢᠯᠠᠯᠲᠠ ᠪᠠ ᠹᠢᠽᠢᠺ ᠵᠠᠰᠠᠯ ᠢᠶᠠᠷ ᠡᠷᠡᠭᠦᠯᠵᠢᠭᠦᠯᠬᠦ ᠬᠡᠷᠡᠭᠲᠡᠢ᠂ ᠡᠨᠡ ᠪᠣᠯ ᠰᠢᠩ ᠾᠧ ᠰᠢᠶᠠᠨ ᠤ ︽ | ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ︾ ᠰᠢᠨ᠎ᠡ ᠵᠠᠭᠪᠤᠷ ᠢ ᠬᠡᠷᠡᠭᠵᠢᠭᠦᠯᠵᠦ᠂ ᠨᠠᠰᠤᠲᠠᠶᠢᠴᠤᠳ ᠤᠨ | ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠬᠦ ᠶᠢᠨ ᠬᠤᠷᠢᠶᠠᠩᠭᠤᠶ ᠳᠦᠷᠰᠦ ᠪᠣᠯᠤᠨ᠎ᠠ᠃ | ᠰᠢᠩ ᠾᠧ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠬᠦ ᠳᠤ᠂ | ᠨᠠᠰᠤᠲᠠᠶᠢᠴᠤᠳ ᠤᠨ ᠵᠠᠷᠢᠮ ᠨᠢ ᠴᠢᠰᠤᠨ ᠳᠠᠷᠤᠯᠲᠠ ᠶᠢ ᠬᠡᠮᠵᠢᠵᠤ ᠪᠠᠶᠢᠨ᠎ᠠ᠂ ᠵᠠᠷᠢᠮ ᠨᠢ ᠶᠠᠭ ᠡᠮᠴᠢ ᠶᠢᠨ | ᠲᠤᠰᠬᠠᠶᠢᠵᠢᠭᠰᠠᠨ ᠣᠨᠣᠰᠢᠯᠠᠨ ᠡᠮᠨᠡᠵᠤ ᠪᠠᠶᠢᠨ᠎ᠠ᠂ ᠵᠠᠷᠢᠮ ᠨᠢ ᠹᠢᠽᠢᠺ ᠵᠠᠰᠠᠯ ᠬᠢᠵᠦ ᠪᠠᠶᠢᠨ᠎ᠠ ᠁ ᠨᠠᠷᠢᠨ ᠨᠢᠮᠪᠠᠶ | ᠦᠶ᠋ᠯᠡᠴᠢᠯᠡᠭᠡ ᠨᠢ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠨᠠᠰᠤᠵᠢᠯ ᠤᠨ | ᠠᠰᠠᠷᠠᠮᠵᠢ ᠶᠢᠨ ᠦᠶ᠋ᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠨᠠᠰᠤᠲᠠᠶᠢᠴᠤᠳ ᠤᠨ ᠬᠠᠷᠢᠶᠠᠯᠠᠭᠳᠠᠬᠤ ᠰᠡᠳᠬᠢᠯᠭᠡ | ᠪᠠ ᠵᠣᠯ ᠵᠢᠷᠭᠠᠯᠲᠤ ᠲᠥᠷᠥᠭᠳᠡᠯ ᠢ ᠳᠠᠬᠢᠨ ᠢᠶᠠᠷ ᠨᠡᠮᠡᠭᠳᠡᠭᠦᠯᠪᠡ᠃ | ᠣᠶᠢᠷ᠎ᠠ ᠶᠢᠨ ᠵᠢᠯ ᠠᠴᠠ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠡᠪᠡᠳᠴᠢᠨ ᠦᠵᠡᠭᠦᠯᠬᠦ | ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠰᠢᠩ ᠾᠧ ᠰᠢᠶᠠᠨ ᠪᠡᠯᠡ ᠮᠥᠩᠭᠦ ᠶᠢᠨ | ᠣᠷᠣᠭᠤᠯᠤᠯᠲᠠ ᠪᠠᠨ ᠨᠡᠮᠡᠭᠳᠡᠭᠦᠯᠵᠦ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠰᠢᠨ᠎ᠡ ᠵᠠᠭᠪᠤᠷ ᠢ ᠠᠯᠬᠤᠮ | ᠠᠯᠬᠤᠮ ᠢᠶᠠᠷ ᠪᠦᠷᠢᠯᠳᠦᠭᠦᠯᠵᠦ᠂ ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ | ᠲᠠᠰ ᠳᠡᠪᠰᠢᠭᠦᠯᠬᠦ ᠶᠢ ᠠᠬᠢᠭᠤᠯᠵᠤ᠂ ᠨᠠᠰᠤᠲᠠᠶᠢᠴᠤᠳ ᠲᠤ ︽ᠥᠲᠡᠯᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ | ᠪᠠᠶᠢᠬᠤ︾ ᠥᠲᠡᠯᠦᠭᠡ ᠨᠠᠰᠤᠨ ᠤ ᠠᠮᠢᠳᠤᠷᠠᠯ ᠢ ᠡᠳ᠋ᠯᠡᠭᠦᠯᠵᠦ᠂ ᠨᠠᠰᠤᠲᠠᠶᠢᠴᠤᠳ ᠤᠨ ᠰᠤᠪᠢᠯᠠᠯᠲᠠ᠂ ᠡᠮᠴᠢᠯᠡᠭᠡ | ᠰᠤᠪᠢᠯᠠᠯᠲᠠ᠂ ᠡᠷᠡᠭᠦᠯᠵᠢᠯ ᠵᠡᠷᠭᠡ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠬᠠᠩᠭᠠᠵᠤ᠂ | ᠡᠮᠴᠢᠯᠡᠭᠡ ᠬᠢᠭᠡᠳ ᠨᠠᠰᠤᠵᠢᠯ ᠤᠨ ᠦᠢᠯᠡᠴᠢᠯᠡᠭᠡᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |