ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/20
     ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠭᠦᠨᠵᠡᠭᠡᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠱᠠᠭᠠᠷᠳᠠᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠴᠠᠭᠳᠠᠭ᠎ᠠ ᠶᠢᠨ ᠠᠷᠢᠭᠤᠨ ᠴᠢᠬᠡᠴᠢ ᠶᠢ ᠴᠠᠭᠳᠠᠭ᠎ᠠ ᠶᠢᠨ ᠦᠵᠡᠯ ᠰᠠᠨᠠᠭᠠᠨ ᠤ ᠰᠠᠭᠤᠷᠢ ᠪᠣᠯᠤᠨ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 2024 ᠣᠨ ᠤ 4 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠢ ᠲᠤᠪᠴᠢᠶ᠎ᠠ ᠶᠢᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠡᠷᠬᠢᠯᠡᠵᠦ᠂ ᠲᠣᠪᠴᠢᠶᠠᠨ ᠤ ᠨᠠᠮ ᠤᠨ ᠬᠤᠷᠢᠶᠠᠨ ᠤ ᠡᠯ᠎ᠡ ᠪᠦᠷᠢᠯᠳᠦᠬᠦᠨ ᠪᠣᠯᠤᠨ ᠪᠦᠬᠦ ᠨᠠᠮ ᠤᠨ ᠭᠡᠰᠢᠭᠦᠨ ᠠᠷᠠᠳ ᠤᠨ ᠲᠤᠰᠠᠯᠠᠬᠤ ᠴᠠᠭᠳᠠᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠦᠷᠭᠦᠯᠵᠢᠯᠡᠨ ᠬᠦᠴᠦᠯᠡᠵᠦ᠂ ᠨᠢᠭᠡᠳᠦᠭᠡᠷ ᠪᠦᠯᠦᠭ ︽ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ︾ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ᠃ ᠨᠢᠭᠡ ᠲᠠᠯ᠎ᠠ ᠪᠠᠷ ᠥᠷᠭᠡᠨ ᠣᠯᠠᠨ ᠺᠠᠳ᠋ᠷ ᠴᠠᠭᠳᠠᠭ᠎ᠠ ᠨᠠᠷ ᠲᠤ ᠮᠠᠨ ᠤ ᠨᠠᠮ ᠤᠨ ᠶᠠᠮᠠᠷᠪᠠ ᠴᠠᠭ ᠦᠶ᠎ᠡ ᠳᠤ᠂ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠷᠡᠰ ᠵᠣᠷᠢᠭ ᠪᠠ ᠢᠯᠵᠠᠷᠠᠯ ᠢ ᠡᠰᠡᠷᠭᠦᠴᠡᠨ ᠱᠠᠮᠰᠢᠬᠤ ᠶᠢ ᠵᠠᠯᠬᠠᠭᠠᠬᠤ ᠡᠷᠴᠢᠮ ᠢ ᠢᠮᠠᠭᠲᠠ ᠪᠠᠷᠢᠮᠲᠠᠯᠠᠵᠤ᠂ ᠨᠥᠭᠦᠭᠡ ᠲᠠᠯ᠎ᠠ ᠪᠠᠷ ᠥᠷᠭᠡᠨ ᠣᠯᠠᠨ ᠨᠠᠮ ᠤᠨ ᠭᠡᠰᠢᠭᠦᠨ ᠢ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠬᠠᠤᠯᠢ ᠰᠠᠬᠢᠯᠭ᠎ᠠ ᠶᠢ ᠲᠣᠳᠣᠷᠬᠠᠶᠢᠯᠠᠵᠤ᠂ ᠬᠤᠷᠢᠭ᠎ᠠ ᠱᠤᠭᠤᠮ ᠢ ᠰᠠᠬᠢᠵᠤ᠂ ᠴᠠᠭ ᠢᠮᠠᠭᠲᠠ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠡᠯ᠎ᠡ ᠵᠦᠢᠯ ᠤᠨ ᠲᠠᠲᠠᠬᠤ ᠬᠦᠴᠦᠨ ᠤ ᠡᠮᠦᠨ᠎ᠡ ᠴᠥᠮ ᠯᠠᠪᠳᠠᠭᠤᠨ ᠪᠠᠲᠤᠲᠠᠶ ᠠᠯᠬᠤᠵᠤ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠦ ᠰᠡᠷᠡᠮᠵᠢᠯᠡᠭᠦᠯᠪᠡ᠃ ᠳᠠᠷᠠᠭ᠎ᠠ ᠨᠢ᠂ ᠪᠦᠬᠦ ᠨᠠᠮ ᠤᠨ ᠭᠡᠰᠢᠭᠦᠳ ᠲᠣᠪᠴᠢᠶᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃      ᠬᠤᠷᠠᠯ ᠠᠴᠠ ᠱᠠᠭᠠᠷᠳᠠᠭᠰᠠᠨ ᠨᠢ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠵᠤ᠂ ᠤᠯᠤᠰ ᠲᠦᠷᠦ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ᠪᠦᠬᠦ ᠲᠠᠯ᠎ᠠ ᠪᠠᠷ ᠨᠠᠮ ᠢ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠨᠠᠮ ᠪᠣᠯᠤᠨ ᠠᠷᠠᠳ ᠲᠦᠮᠡᠨ ᠤ ᠢᠲᠡᠭᠡᠮᠵᠢᠲᠡᠢ᠂ ᠨᠠᠶᠢᠳᠠᠪᠤᠷᠢᠲᠠᠢ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠴᠢᠷᠮᠠᠶᠢᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ︽ᠬᠤᠮᠣᠷᠭᠠᠯᠠᠨ ᠠᠩᠨᠠᠬᠤ︾ ᠠᠶᠤᠯ ᠲᠦᠭᠰᠢᠭᠦᠷᠢ ᠶᠢ ᠴᠠᠭ ᠢᠮᠠᠭᠲᠠ ᠰᠡᠷᠡᠮᠵᠢᠯᠡᠬᠦ ᠪᠠ ᠰᠡᠷᠭᠡᠶᠢᠯᠡᠵᠦ᠂ ᠲᠠᠷᠢᠬᠢ ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ᠂ ᠤᠬᠠᠮᠰᠠᠷ ᠠᠴᠠ ᠪᠠᠨ ᠨᠠᠶᠢᠵᠠ ᠨᠠᠷ ᠤᠨ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢ ᠴᠡᠪᠡᠷᠰᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠳᠤᠷ᠎ᠠ ᠰᠣᠨᠢᠷᠬᠠᠯ ᠢ ᠪᠤᠶᠢᠵᠢᠭᠤᠯᠬᠤ ᠬᠡᠷᠡᠭᠲᠡᠶ᠃ ᠭᠡᠷ ᠤᠨ ᠰᠤᠷᠲᠠᠯ ᠭᠡᠷ ᠤᠨ ᠬᠥᠮᠦᠵᠢᠯ ᠤᠨ ᠪᠠᠶᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠣᠯᠭᠠᠵᠤ᠂ ᠭᠡᠷ ᠪᠦᠯᠢ ᠶᠢᠨ ᠲᠦᠷᠦᠯ ᠰᠠᠳᠤᠨ ᠢᠶᠠᠨ ᠰᠠᠶᠢᠲᠤᠷ ᠬᠠᠮᠢᠶᠠᠷᠴᠤ᠂ ᠤᠳᠤᠷᠢᠳᠬᠤ ᠺᠠᠳ᠋ᠷ ᠤᠨ ᠬᠠᠨᠢ ᠨᠥᠬᠦᠷ᠂ ᠦᠷ᠎ᠡ ᠬᠡᠦᠬᠡᠳ ᠤᠨ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠭᠦᠨᠵᠡᠭᠡᠶᠢᠷᠡᠭᠦᠯᠦᠨ ᠨᠠᠷᠢᠯᠢᠬᠵᠢᠭᠤᠯᠵᠤ᠂ ᠴᠢᠩᠭ᠎ᠠ ᠬᠡᠷᠡᠭᠵᠢᠭᠦᠯᠬᠦ ᠬᠡᠷᠡᠭᠲᠡᠢ᠃ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠤᠬᠠᠮᠰᠠᠷ ᠠᠴᠠ ᠪᠠᠨ ᠡᠰᠡᠷᠭᠦᠴᠡᠵᠦ᠂ ᠠᠯᠪᠠᠨ ᠵᠠᠷᠤᠴᠠ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠤᠯᠠᠨ ᠲᠦᠮᠡᠨ ᠯᠦᠭᠡ ᠶᠢᠨ ᠴᠢᠰᠤ ᠮᠢᠬᠠᠨ ᠤ ᠬᠠᠷᠢᠴᠠᠭ᠎ᠠ ᠪᠠᠨ ᠢᠮᠠᠭᠲᠠ ᠪᠠᠲᠤᠯᠠᠬᠤ ᠬᠡᠷᠡᠭᠲᠡᠶ᠃      ᠬᠤᠷᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠲᠤᠰᠠᠯᠠᠭᠴᠢ ᠴᠠᠭᠳᠠᠭ᠎ᠠ ᠨᠠᠷ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠡᠷᠭᠢᠯᠡᠬᠦ ᠪᠠᠷ ᠳᠡᠮᠵᠢᠨ᠂ ᠰᠡᠳᠬᠢᠯ ᠰᠠᠨᠠᠭ᠎ᠠ ᠪᠠ ᠦᠵᠡᠯ ᠰᠠᠨᠠᠭ᠎ᠠ ᠴᠥᠮ ᠴᠢᠩᠭ᠎ᠠ ᠳᠠᠭᠠᠷᠢᠯᠲᠠ ᠳᠤ ᠤᠴᠠᠷᠠᠪᠠ᠃ ᠬᠤᠶᠢᠰᠢᠳᠠ ᠶᠢᠨ ᠠᠵᠢᠯ ᠤᠨ ᠳᠤᠮᠳᠠ᠂ ᠬᠡᠷᠡᠭ ᠢᠶᠠᠷ ᠲᠤᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠠᠭ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠪᠠᠲᠤᠯᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠲᠡᠢ᠃ ᠡᠭᠦᠨ ᠤ ᠬᠠᠮᠲᠤ᠂ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠤᠬᠠᠮᠰᠠᠷ ᠠᠴᠠ ᠪᠠᠨ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠰᠤᠷᠲᠠᠯ ᠢᠶᠠᠨ ᠪᠠᠳᠠᠷᠠᠭᠤᠯᠵᠤ᠂ ᠠᠷᠢᠭᠤᠨ ᠴᠢᠬᠡᠴᠢ ᠲᠥᠪ ᠭᠤᠣᠯᠴᠢ ᠰᠠᠭᠤᠷᠢ ᠶᠢ ᠵᠢᠷᠤᠭᠯᠠᠵᠤ᠂ ᠠᠮᠤᠷ ᠠᠮᠤᠭᠤᠯᠠᠩ ᠬᠥᠭᠵᠢᠯ ᠮᠠᠨᠳᠤᠯ ᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠪᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3