ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/5/21
     5 ᠰᠠᠷ᠎ᠠ ᠶᠢᠨ 20᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠫᠠᠶᠢᠰᠠ ᠡᠯᠭᠦᠨ ᠪᠠᠶᠢᠭᠤᠯᠤᠭᠳᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠼᠠᠢ ᠴᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠤᠸᠠᠢ ᠯᠢᠶᠠᠩ ᠬᠤᠷᠠᠯ ᠳᠤ ᠣᠷᠣᠯᠴᠠᠭᠰᠠᠨ ᠪᠥᠭᠡᠳ ᠬᠠᠮᠲᠤ ᠪᠠᠷ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠫᠠᠶᠢᠰᠠ ᠶᠢ ᠰᠡᠬᠦᠪᠡ᠃      ᠯᠢ ᠼᠠᠢ ᠴᠢᠩ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠰᠢᠶᠠᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠶᠠᠮᠤᠨ ᠤ ᠪᠠᠶᠢᠭᠤᠯᠤᠭᠳᠠᠭᠰᠠᠨ ᠶᠠᠪᠤᠳᠠᠯ ᠪᠣᠯ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ ᠨᠢᠭᠡ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠮᠥᠨ᠂ ᠰᠢᠨ᠎ᠡ ᠪᠠᠶᠢᠳᠠᠯ ᠤᠨ ᠳᠣᠤᠷ᠎ᠠ ᠨᠠᠮ ᠤᠨ ᠨᠡᠶᠢᠭᠡᠮ ᠤᠨ ᠠᠵᠢᠯ ᠤᠨ ᠤᠳᠤᠷᠢᠳᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠡᠨᠡ ᠨᠢ ᠨᠠᠮ ᠤᠨ ᠨᠡᠶᠢᠭᠡᠮ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠣᠯᠠᠨ ᠲᠦᠮᠡᠨ ᠲᠠᠢ ᠨᠠᠩ ᠰᠠᠶᠢᠨ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ᠂ ᠡᠶ᠎ᠡ ᠵᠣᠬᠢᠴᠠᠩᠭᠤᠶ ᠲᠣᠭᠲᠠᠭᠤᠨ ᠢ ᠠᠬᠢᠭᠤᠯᠬᠤ᠂ ᠰᠢᠩ ᠾᠧ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠯᠢ ᠼᠠᠢ ᠴᠢᠩ ᠴᠢᠬᠤᠯᠠᠴᠢᠯᠠᠭᠰᠠᠨ ᠨᠢ᠂ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠪᠦᠬᠦ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠳᠡᠭᠡᠷ᠎ᠡ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠰᠠᠭᠤᠷᠢᠯᠠᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ ᠂ ᠵᠠᠬᠢᠳᠠᠯ ᠰᠤᠷᠪᠤᠯᠵᠢᠯᠠᠭ᠎ᠠ᠂ ᠦᠨᠳᠦᠰᠦᠨ ᠱᠠᠲᠤᠨ ᠤ ᠵᠠᠰᠠᠯᠲᠠ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠨᠠᠮ ᠤᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠢ ᠨᠢᠭᠡᠳᠦᠯᠲᠡᠶ ᠲᠥᠯᠥᠪᠯᠡᠨ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠲᠠᠰᠤᠷᠠᠯᠲᠠ ᠥᠬᠡᠶ ᠳᠡᠭᠡᠭᠰᠢᠯᠡᠬᠦ ᠶᠢ ᠠᠬᠢᠭᠤᠯᠵᠤ᠂ ᠨᠡᠶᠢᠭᠡᠮ ᠤᠨ ᠠᠵᠢᠯ ᠤᠨ ᠦᠢᠯᠡᠰ ᠤᠨ ᠰᠢᠨ᠎ᠡ ᠠᠶᠠᠨ ᠵᠠᠮ ᠳᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃      ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠢ ᠰᠢᠶᠠᠨ ᠤ ᠨᠠᠮ ᠤᠨ ᠬᠤᠷᠢᠶᠠᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠭᠤᠤᠯᠳᠠᠭᠤ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠬᠤ ᠶᠢ ᠬᠠᠷᠢᠭᠤᠴᠠᠵᠤ᠂ ᠠᠷᠠᠳ ᠲᠦᠮᠡᠨ ᠤ ᠰᠠᠨᠠᠭᠤᠯᠭ᠎ᠠ ᠡᠯᠰᠡᠬᠦ ᠠᠵᠢᠯ ᠢ ᠵᠢᠯᠣᠭᠤᠳᠴᠤ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠨᠠᠮ ᠤᠨ ᠠᠵᠢᠯ ᠢ ᠨᠢᠭᠡᠳᠦᠯᠲᠡᠶ ᠤᠳᠤᠷᠢᠳᠴᠤ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠵᠣᠬᠢᠴᠠᠭᠤᠯᠤᠨ ᠠᠬᠢᠭᠤᠯᠵᠤ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾᠎ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠵᠡᠷᠭᠡ ᠶᠢ ᠬᠠᠷᠢᠭᠤᠴᠠᠨ᠎ᠠ᠃ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠶᠠᠮᠤᠨ ᠫᠠᠶᠢᠰᠠ ᠡᠯᠭᠦᠨ ᠪᠠᠶᠢᠭᠤᠯᠤᠭᠳᠠᠭᠰᠠᠨ ᠨᠢ ᠮᠠᠨ ᠤ ᠰᠢᠶᠠᠨ ᠤ ᠨᠡᠶᠢᠭᠡᠮ ᠤᠨ ᠦᠢᠯᠡᠴᠢᠯᠡᠭᠡᠨ ᠤ ᠬᠦᠷᠢᠶᠡᠨ ᠳᠤ ᠨᠡᠩ ᠪᠠᠲᠤ ᠪᠠᠬᠢ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3