ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠵᠤ᠂ ᠪᠣᠯᠪᠠᠰᠤᠨ ᠢᠶᠠᠷ ᠠᠷᠪᠢᠯᠠᠨ | ᠭᠠᠮᠨᠠᠬᠤ ᠬᠤᠷᠢᠮ ᠤᠨ ᠱᠢᠨ᠎ᠡ ᠰᠤᠷᠲᠠᠯ ᠢ ᠪᠣᠢ ᠪᠣᠯᠭᠠᠬᠤ ᠶᠢᠨ ᠲᠥᠯᠥᠭᠡ᠃ 5 ᠰᠠᠷ᠎ᠠ ᠶᠢᠨ 20 ᠤ ᠡᠳᠦᠷ᠂ ᠮᠠᠨ ᠤ | ᠰᠢᠶᠠᠨ ᠴᠠᠷ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ᠳᠤ ᠲᠦᠷ ᠴᠠᠭ ᠤᠨ ᠤᠷᠤᠭ ᠤᠨ ᠪᠦᠷᠢᠳᠬᠡᠯ ᠤᠨ ᠭᠠᠵᠠᠷ | ᠪᠠᠶᠢᠭᠤᠯᠤᠭᠰᠠᠨ ᠪᠥᠭᠡᠳ ᠬᠠᠮᠲᠤ ᠶᠢᠨ ᠬᠤᠷᠢᠮ ᠤᠨ ᠠᠵᠢᠯᠯᠠᠭ᠎ᠠ ᠥᠷᠨᠢᠭᠦᠯᠵᠦ᠂ 15 ᠰᠢᠨ᠎ᠡ ᠬᠥᠮᠥᠨ ᠳᠤ ᠣᠨᠴᠠᠭᠠᠶ | ᠵᠥᠩᠨᠡᠯ ᠳᠡᠪᠰᠢᠭᠦᠯᠪᠡ᠃ | | | ᠲᠤᠰ ᠡᠳᠦᠷ ᠲᠤ᠂ ᠴᠠᠷ ᠨᠠᠭᠤᠷ ᠤᠨ ᠠᠮᠠᠷᠠᠯᠲᠠ ᠶᠢᠨ ᠣᠷᠣᠨ ᠳᠤ ᠬᠠᠯᠠᠭᠤᠨ ᠳᠤᠯᠠᠭᠠᠨ᠂ ᠷᠣᠮᠠᠨᠲ᠋ᠢᠭ ᠮᠥᠷᠲᠡᠭᠡᠨ | ᠲᠥᠪ ᠶᠡᠬᠡᠮᠰᠦᠭ᠂ ᠬᠥᠷ ᠬᠥᠭᠵᠢᠶᠡᠨ ᠲᠠᠢ ᠪᠠᠶᠢᠳᠠᠯ ᠢᠯᠡᠷᠡᠪᠡ᠃ ᠥᠷᠯᠥᠭᠡ ᠶᠢᠨ 8 ᠴᠠᠭ ᠬᠠᠭᠠᠰ ᠲᠤ᠂ ᠠᠵᠢᠯᠯᠠᠭ᠎ᠠ ᠳᠤ | ᠣᠷᠣᠯᠴᠠᠭᠰᠠᠨ ᠰᠢᠨ᠎ᠡ ᠬᠥᠮᠦᠨ ᠬᠠᠮᠲᠤ ᠪᠠᠷ ᠴᠠᠷᠠᠰᠤᠨ ᠨᠠᠭᠤᠷ ᠤᠨ ᠠᠮᠠᠷᠠᠯᠲᠠ ᠶᠢᠨ ᠲᠣᠭᠤᠷᠢᠭ ᠲᠤ ᠬᠦᠷᠴᠦ᠂ ᠰᠢᠶᠠᠨ ᠤ | ᠠᠷᠠᠳ ᠤᠨ ᠶᠠᠪᠤᠳᠠᠯ ᠤᠨ ᠲᠣᠪᠴᠢᠶᠠᠨ ᠤ ᠠᠵᠢᠯᠲᠠᠳ ᠵᠤᠭᠠᠴᠠᠭᠰᠠᠳ ᠤᠨ ᠦᠢᠯᠡᠴᠢᠯᠡᠭᠡᠨ ᠤ ᠲᠥᠪ ᠤᠨ ᠶᠡᠭᠡ | ᠲᠢᠩᠬᠢᠮ ᠳᠤ ᠲᠦᠷ ᠴᠠᠭ ᠤᠨ ᠤᠷᠤᠭ ᠤᠨ ᠪᠦᠷᠢᠳᠬᠡᠯ ᠤᠨ ᠭᠠᠵᠠᠷ ᠪᠠᠶᠢᠭᠤᠯᠵᠤ᠂ 15 ᠬᠥᠮᠦᠨ ᠳᠤ ᠤᠷᠤᠭ ᠤᠨ | ᠪᠦᠷᠢᠳᠬᠡᠯ ᠤᠨ ᠭᠠᠷ ᠭᠦᠢᠴᠡᠳᠬᠡᠯ ᠬᠢᠭᠰᠡᠨ ᠪᠥᠭᠡᠳ ᠠᠵᠢᠯᠯᠠᠭ᠎ᠠ ᠳᠤ ᠣᠷᠣᠯᠴᠠᠭᠰᠠᠨ ᠰᠢᠨ᠎ᠡ ᠬᠥᠮᠦᠨ ᠳᠤ ᠴᠡᠴᠡᠭ | ᠡᠷᠭᠦᠵᠦ᠂ ᠳᠤᠷᠠᠰᠬᠠᠯ ᠤᠨ ᠡᠳ᠋ ᠵᠡᠷᠭᠡ ᠶᠢ ᠪᠡᠯᠡᠭᠯᠡᠪᠡ᠃ ᠬᠠᠮᠲᠤ ᠶᠢᠨ ᠬᠤᠷᠢᠮ ᠤᠨ ᠠᠵᠢᠯᠯᠠᠭ᠎ᠠ ᠳᠤ ᠪᠠᠶᠠᠯᠢᠭ ᠰᠠᠶᠢᠬᠠᠨ | ᠭᠤᠭᠴᠤᠭ᠎ᠠ ᠲᠣᠬᠢᠷᠠᠭᠤᠯᠵᠤ᠂ ᠡᠭᠦᠨ ᠳᠤ ᠬᠠᠮᠲᠤ ᠶᠢᠨ ᠦᠨᠡᠮᠯᠡᠯ ᠣᠯᠭᠤᠬᠤ ᠶᠣᠰᠣᠯᠠᠯ᠂ ᠰᠦᠢᠳᠬᠡᠯ ᠬᠤᠷᠢᠶᠠᠬᠤ | ᠦᠭᠡᠢ ᠪᠠᠷ ᠭᠡᠷᠡᠯ ᠵᠢᠷᠤᠭ ᠲᠠᠲᠠᠵᠤ ᠳᠤᠷᠠᠰᠬᠠᠯ ᠦᠯᠡᠳᠡᠭᠡᠬᠦ᠂ ᠴᠡᠴᠡᠷᠯᠢᠭ ᠢᠶᠠᠷ ᠵᠤᠭᠠᠴᠠᠵᠤ ᠺᠠᠷᠲ ᠠᠪᠬᠤ ᠵᠡᠷᠭᠡ | ᠠᠭᠤᠯᠭ᠎ᠠ ᠶᠢ ᠪᠠᠭᠲᠠᠭᠠᠵᠤ᠂ ᠰᠢᠨ᠎ᠡ ᠬᠥᠮᠦᠨ ᠢ ᠬᠠᠪᠰᠤᠷᠤᠨ ᠴᠢᠬᠤᠯᠠ ᠡᠳᠦᠷ ᠤᠳ ᠲᠤ ᠰᠠᠶᠢᠨ ᠰᠠᠶᠢᠬᠠᠨ ᠡᠷᠭᠢᠴᠡᠭᠦᠯᠦᠯ | ᠨᠡᠮᠡᠷᠢᠯᠡᠵᠦ᠂ ᠵᠣᠯ ᠵᠢᠷᠭᠠᠯᠲᠤ ᠤᠷᠤᠭ ᠤᠨ ᠶᠠᠪᠤᠳᠠᠯ ᠢ ︽ᠬᠠᠮᠠᠭᠠᠯᠠᠵᠤ︾᠂ ᠪᠣᠯᠪᠠᠰᠤᠨ ᠤᠷᠤᠭ ᠤᠨ ᠳᠠᠳᠬᠠᠯ ᠢ | ᠰᠠᠨᠠᠭᠠᠴᠢᠯᠠᠪᠠ᠃ | ᠬᠠᠮᠲᠤ ᠶᠢᠨ ᠬᠤᠷᠢᠮ ᠤᠨ ᠶᠣᠰᠣᠯᠠᠯ ᠳᠠᠭᠤᠰᠤᠭᠰᠠᠨ ᠤ ᠳᠠᠷᠠᠭ᠎ᠠ᠂ 15 ᠰᠢᠨ᠎ᠡ ᠬᠥᠮᠦᠨ ᠤ ᠴᠠᠷ ᠨᠠᠭᠤᠷ ᠤᠨ | ᠵᠤᠭᠠᠴᠠᠯ ᠤᠨ ᠠᠮᠠᠷᠠᠯᠲᠠ ᠶᠢᠨ ᠣᠷᠣᠨ ᠳᠤ ᠠᠯᠬᠤᠯᠠᠬᠤ ᠠᠵᠢᠯᠯᠠᠭ᠎ᠠ ᠬᠢᠵᠦ᠂ ᠠᠮᠠᠷᠠᠯᠲᠠ ᠶᠢᠨ ᠣᠷᠣᠨ ᠤ ᠵᠤᠨ ᠤ ᠡᠬᠢ ᠪᠠᠷ | ᠦᠵᠡᠰᠬᠦᠯᠡᠩᠲᠦ ᠰᠠᠶᠢᠬᠠᠨ ᠥᠩᠭᠡ ᠦᠵᠡᠮᠵᠢ ᠶᠢ ᠰᠣᠨᠢᠷᠬᠠᠬᠤ ᠶᠢᠨ ᠬᠠᠮᠲᠤ ᠪᠣᠯᠪᠠᠰᠤᠨ ᠡᠷᠡᠭᠦᠯ ᠴᠢᠭᠢᠷᠠᠭ᠂ ᠪᠣᠬᠢᠷᠲᠤᠯ | ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠪᠡ᠃ | ᠲᠣᠰ ᠤᠳᠠᠭᠠᠨ ᠤ ᠬᠠᠮᠲᠤ ᠶᠢᠨ ᠬᠤᠷᠢᠮ ᠤᠨ ᠠᠵᠢᠯᠯᠠᠭ᠎ᠠ ᠶᠢ ᠤᠷᠢᠳᠴᠢᠯᠠᠨ ᠬᠠᠯᠠᠬᠤ ᠠᠴᠠ ᠵᠢᠩᠬᠢᠨᠢ ᠪᠠᠷ ᠡᠷᠭᠢᠯᠡᠬᠦ | ᠪᠣᠯᠲᠠᠯ᠎ᠠ ᠨᠡᠶᠢᠭᠡᠮ ᠨᠡᠶᠢᠲᠡ ᠶᠢᠨ ᠠᠩᠬᠠᠷᠤᠯ ᠢ ᠥᠷᠭᠡᠨ ᠢᠶᠠᠷ ᠲᠠᠲᠠᠵᠤ᠂ ᠰᠢᠨ᠎ᠡ ᠰᠡᠪᠡᠭᠦᠨ ᠡᠭᠡᠯ ᠪᠣᠷᠣᠭᠵᠢᠭᠤᠨ ᠮᠥᠷᠲᠡᠭᠡᠨ | ᠦᠪᠡᠳᠡᠭᠰᠢ ᠶᠡᠭᠡ᠂ ᠷᠣᠮᠠᠨᠲ᠋ᠢᠭ ᠬᠤᠷᠢᠮ ᠤᠨ ᠶᠣᠰᠣᠯᠠᠯ ᠤᠨ ᠠᠷᠭ᠎ᠠ ᠮᠠᠶ᠋ᠢᠭ ᠨᠢ ᠮᠠᠨ ᠤ ᠰᠢᠶᠠᠨ ᠤ ᠪᠠᠶᠠᠷ ᠤᠨ ᠶᠠᠪᠤᠳᠠᠯ ᠢ | ᠰᠢᠨ᠎ᠡ ᠪᠠᠷ ᠰᠢᠢᠳᠪᠦᠷᠢᠯᠡᠬᠦ ᠨᠡᠶᠢᠭᠡᠮ ᠤᠨ ᠰᠢᠨ᠎ᠡ ᠰᠤᠷᠲᠠᠯ ᠢ ᠪᠠᠳᠠᠷᠠᠭᠤᠯᠵᠤ᠂ ᠪᠣᠯᠪᠠᠰᠤᠨ ᠢᠶᠠᠷ ᠠᠷᠪᠢᠯᠠᠨ ᠭᠠᠮᠨᠠᠬᠤ᠂ | ᠡᠷᠡᠭᠦᠯ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠥᠷᠭᠡᠨ ᠣᠯᠠᠨ ᠵᠠᠯᠠᠭᠤᠴᠤᠳ ᠢ ᠬᠥᠲᠥᠯᠥᠨ | ᠵᠢᠯᠣᠭᠤᠳᠴᠤ ᠪᠠᠶᠢᠭᠠᠳ ᠪᠣᠯᠪᠠᠰᠤᠨ ᠬᠤᠷᠢᠮ ᠤᠨ ᠵᠠᠩ ᠳᠠᠳᠬᠠᠯ ᠤᠨ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ ᠪᠠ | ᠠᠬᠢᠭᠤᠯᠤᠭᠴᠢ ᠪᠣᠯᠭᠠᠬᠤ ᠪᠠᠷ ᠴᠢᠷᠮᠠᠶᠢᠬᠤ ᠳᠤ ᠪᠦᠲᠦᠮᠵᠢᠲᠡᠶ ᠦᠢᠯᠡᠳᠦᠯ ᠦᠵᠡᠭᠦᠯᠵᠡᠶ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | | |