ᠠᠮᠢᠳᠤᠷᠠᠯ ᠳᠤᠮᠳᠠ᠂ ᠪᠢᠳᠡ ᠦᠷᠬᠦᠯᠵᠢ ᠡᠮᠴᠢ ᠬᠥᠮᠥᠨ ᠤ ᠢᠳᠡᠵᠦ ᠤᠤᠭᠤᠬᠤ ᠶᠢ ᠰᠣᠨᠣᠰᠬᠤ ᠬᠡᠷᠡᠭᠲᠡᠢ᠃ | ᠭᠡᠪᠡᠴᠦ᠂ ᠮᠠᠰᠢ ᠣᠯᠠᠨ ᠨᠠᠶᠢᠵᠠ ᠨᠠᠷ ᠡᠷᠡᠭᠦᠯ ᠪᠤᠰᠤ ᠢᠳᠡᠭᠡᠨ ᠤᠮᠳᠠᠭᠠᠨ ᠤ ᠲᠤᠬᠠᠶ ᠲᠠᠨᠢᠯᠲᠠ ᠶᠢᠨ ᠪᠤᠷᠤᠭᠤ | ᠣᠷᠣᠰᠢᠭᠰᠠᠭᠠᠷ ᠪᠠᠶᠢᠨ᠎ᠠ᠂ ᠡᠷᠡᠭᠦᠯ ᠪᠤᠰᠤ ᠢᠳᠡᠭᠡᠨ ᠤᠮᠳᠠᠭᠠᠨ ᠪᠣᠯ ᠳᠠᠷᠤᠶ ︽ᠴᠢᠳᠠᠬᠤ ᠶᠢᠨ ᠳᠣᠲᠣᠷ᠎ᠠ ᠴᠠᠭᠠᠨ | ᠢᠳᠡᠭᠡ ᠢᠳᠡᠵᠦ᠂ ᠮᠢᠬ᠎ᠠ ᠢᠳᠡᠵᠦ ᠪᠣᠯᠬᠤ ᠥᠬᠡᠶ︾ ᠭᠡᠵᠦ ᠦᠵᠡᠳᠡᠭ᠃ ᠦᠨᠡᠨ ᠳᠤ ᠪᠠᠨ ᠢᠩᠭᠢᠵᠦ ᠢᠳᠡᠬᠦ ᠨᠢ | ᠰᠢᠮ᠎ᠡ ᠲᠡᠵᠢᠭᠡᠯ ᠤᠨ ᠲᠡᠩᠴᠡᠪᠦᠷᠢ ᠳᠤ ᠠᠰᠢᠭ ᠦᠭᠡᠢ ᠲᠡᠳᠦᠢ ᠦᠭᠡᠢ ᠪᠡᠶ᠎ᠡ ᠮᠠᠬᠠᠪᠣᠳ ᠢ ᠮᠠᠭᠤᠳᠠᠭᠤᠯᠬᠤ ᠪᠣᠯᠤᠨ᠎ᠠ᠃ | ᠠᠮᠲᠠ ᠮᠠᠭᠤᠲᠠᠢ ᠢᠳᠡᠭᠡᠨ ᠤᠮᠳᠠᠭᠠᠨ ᠪᠣᠯ ᠤᠤᠭᠤᠭᠰᠠᠨ ᠲᠠᠢ ᠲᠡᠩᠴᠡᠬᠦ ᠦᠭᠡᠢ | ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠭᠤᠣᠯ ᠡᠯᠧᠮᠧᠨ᠋ᠲ ᠨᠢ ᠮᠢᠬ᠎ᠠ ᠢᠳᠡᠬᠦ ᠶᠦᠮ ᠦᠦ︖ ᠬᠠᠷᠢᠨ | ᠶᠠᠭᠤ ᠢᠳᠡᠬᠦ ᠪᠠ ᠬᠡᠳᠦᠢ ᠢᠳᠡᠬᠦ ᠳᠤ ᠪᠠᠶᠢᠬᠤ ᠪᠣᠢ᠂ ᠳᠠᠷᠤᠢ ᠬᠥᠮᠦᠨ ᠤ ᠪᠡᠶ᠎ᠡ ᠶᠢᠨ ᠬᠡᠷᠡᠭᠰᠡᠬᠦ ᠱᠢᠮ᠎ᠡ ᠲᠡᠵᠢᠭᠡᠯ ᠤᠨ | ᠪᠦᠷᠢᠯᠳᠦᠬᠦᠨ ᠨᠢ ᠪᠦᠷᠢᠨ ᠭᠦᠢᠴᠡᠳ ᠡᠰᠡᠬᠦ᠂ ᠵᠣᠬᠢᠬᠤ ᠬᠡᠮᠵᠢᠶ᠎ᠡ ᠪᠣᠯᠤᠨ᠎ᠠ ᠤᠤ ᠦᠭᠡᠢ ᠦᠦ︖ | ᠲᠠᠬᠢᠶ᠎ᠠ᠂ ᠨᠤᠭᠤᠰᠤ᠂ ᠵᠢᠭᠠᠰᠤ᠂ ᠮᠢᠬ᠎ᠠ ᠵᠡᠷᠭᠡ ᠮᠢᠬ᠎ᠠ ᠲᠠᠢ ᠮᠢᠬ᠎ᠠ ᠨᠢ ᠰᠢᠮ᠎ᠡ ᠲᠡᠵᠢᠭᠡᠯ ᠤᠨ ᠴᠢᠬᠤᠯᠠ | ᠢᠷᠡᠯᠲᠡ ᠪᠣᠯᠵᠤ᠂ ᠬᠥᠮᠥᠨ ᠤ ᠪᠡᠶ᠎ᠡ ᠶᠢᠨ ᠥᠰᠥᠯᠲᠡ ᠪᠤᠶᠢᠵᠢᠯᠲᠠ ᠪᠠ ᠰᠢᠨ᠎ᠡ ᠬᠠᠭᠤᠴᠢᠨ ᠤ ᠰᠣᠯᠢᠯᠴᠠᠭ᠎ᠠ ᠳᠤ | ᠶᠡᠭᠡ ᠬᠡᠮᠵᠢᠶᠡᠨ ᠤ ᠰᠢᠯᠢᠳᠡᠭ ᠤᠭᠤᠷᠠᠭ᠂ ᠥᠭᠡᠬᠦᠨ ᠬᠦᠴᠢᠯ ᠬᠠᠩᠭᠠᠵᠤ ᠴᠢᠳᠠᠨ᠎ᠠ᠃ ᠡᠶᠢᠮᠦ ᠠᠴᠠ᠂ ᠡᠩ ᠤᠨ | ᠬᠥᠮᠦᠰ ᠲᠤ ᠠᠪᠴᠤ ᠬᠡᠯᠡᠪᠡᠯ᠂ ᠮᠢᠬᠠᠨ ᠤ ᠲᠥᠷᠥᠯ ᠨᠢ ᠪᠡᠶ᠎ᠡ ᠶᠢᠨ ᠡᠷᠡᠭᠦᠯ ᠠᠳᠦ ᠳᠤ ᠶᠡᠭᠡ ᠲᠤᠰᠠᠲᠠᠢ ᠶᠤᠮ᠃ | ᠡᠶᠢᠮᠦ ᠠᠴᠠ ᠡᠮᠴᠢ ᠶᠢᠨ ᠱᠠᠭᠠᠷᠳᠠᠯᠭ᠎ᠠ ᠨᠢ ᠰᠤᠯᠠ ᠬᠤᠭᠤᠯᠠ ᠪᠠᠶᠢᠭᠰᠠᠨ ᠴᠤ ᠠᠯᠢ ᠴᠢᠳᠠᠬᠤ ᠪᠠᠷ | ᠮᠢᠬ᠎ᠠ ᠶᠢ ᠨᠢ ᠢᠳᠡᠵᠦ᠃ ᠮᠢᠬ᠎ᠠ ᠶᠢ ᠵᠣᠬᠢᠴᠠᠭᠤᠯᠬᠤ ᠬᠤᠭᠤᠯᠠ ᠤᠮᠳᠠ ᠨᠢ ᠬᠦᠮᠦᠨ ᠤ ᠪᠡᠶ᠎ᠡ ᠶᠢᠨ ᠰᠢᠨ᠎ᠡ | ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠨᠡᠭᠡᠳᠡᠰᠦ ᠶᠢᠨ ᠪᠦᠲᠦᠴᠡ ᠶᠢᠨ ᠪᠦᠷᠢᠨ ᠪᠦᠲᠦᠨ ᠪᠠᠶᠢᠬᠤ ᠶᠢ | ᠪᠠᠲᠤᠯᠠᠵᠤ᠂ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠥᠭᠰᠢᠷᠡᠬᠦ ᠶᠢ ᠤᠳᠠᠭᠠᠰᠢᠷᠠᠭᠤᠯᠵᠤ᠂ | ᠤᠷᠲᠤ ᠨᠠᠰᠤᠯᠠᠬᠤ ᠶᠢ ᠠᠬᠢᠭᠤᠯᠬᠤ ᠪᠣᠯᠤᠨ᠎ᠠ᠃ | ᠢᠳᠡᠭᠡᠨ ᠢ ᠣᠯᠠᠨ ᠶᠠᠩᠵᠤᠴᠢᠯᠠᠬᠤ ᠪᠣᠯ ᠦᠨᠳᠦᠰᠦᠨ ᠵᠠᠷᠴᠢᠮ ᠮᠦᠨ | ᠴᠣᠬᠤᠮ ᠶᠠᠭᠤ ᠪᠣᠯ ᠵᠢᠩᠬᠢᠨᠢ ᠠᠮᠲᠠ ᠦᠭᠡᠢ ᠢᠳᠡᠭᠡᠨ ᠤᠮᠳᠠᠭᠠᠨ ᠮᠥᠨ ᠪᠤᠢ︖ | ᠦᠨᠡᠨ ᠳᠡᠭᠡᠨ ᠬᠠᠷᠢᠭᠤᠯᠲᠠ ᠨᠢ ᠪᠤᠳᠤᠯᠢᠶᠠᠨᠲᠠᠢ ᠪᠢᠱᠢ᠂ ᠬᠠᠮᠤᠭ ᠦᠨᠳᠦᠰᠦᠨ ᠵᠠᠷᠴᠢᠮ ᠨᠢ ᠳᠠᠷᠤᠢ | ᠢᠳᠡᠭᠡᠨ ᠤ ᠣᠯᠠᠨ ᠶᠠᠩᠵᠤ᠃ ᠭᠤᠤᠯ ᠢᠳᠡᠭᠡᠨ ᠳᠤ ᠠᠮᠤ ᠪᠤᠳᠠᠭᠠᠨ ᠤ ᠲᠥᠮᠥᠰᠥ ᠪᠠᠷ ᠭᠤᠤᠯ ᠪᠣᠯᠭᠠᠵᠤ᠂ | ᠢᠳᠡᠰᠢᠨ ᠨᠣᠭᠤᠭ᠎ᠠ ᠪᠣᠯᠤᠨ ᠵᠢᠮᠢᠰ ᠢ ᠵᠣᠬᠢᠬᠤ ᠬᠡᠮᠵᠢᠶ᠎ᠡ ᠪᠠᠷ ᠢᠯᠡᠭᠦᠦ ᠢᠳᠡᠵᠦ᠂ ᠪᠠᠶᠢᠩᠭᠤ ᠰᠦ᠋᠂ ᠪᠤᠷᠴᠠᠭ ᠤᠨ | ᠵᠦᠢᠯ ᠪᠣᠯᠤᠨ ᠵᠣᠬᠢᠬᠤ ᠬᠡᠮᠵᠢᠶᠡᠨ ᠤ ᠵᠢᠭᠠᠰᠤ᠂ ᠵᠢᠭᠦᠷᠲᠡᠨ᠂ ᠥᠨᠳᠡᠭᠡ᠂ ᠬᠠᠷ᠎ᠠ ᠮᠢᠬ᠎ᠠ ᠢᠳᠡᠳᠡᠭ᠃ ᠡᠨᠡ | ᠰᠠᠭᠤᠷᠢᠨ ᠳᠡᠭᠡᠷ᠎ᠡ ᠪᠠᠨ ᠠᠮᠲᠠ ᠨᠢ ᠨᠢᠮᠭᠡᠨ᠂ ᠳᠠᠪᠤᠰᠤ ᠪᠠᠭ᠎ᠠ ᠢᠳᠡᠬᠦ᠂ ᠰᠢᠬᠢᠷ ᠪᠠᠭ᠎ᠠ ᠢᠳᠡᠬᠦ ᠶᠢ ᠰᠠᠨᠠᠭᠠᠴᠢᠯᠠᠨ᠎ᠠ᠃ | ᠡᠳᠦᠷ ᠲᠤᠲᠤᠮ ᠤᠨ ᠬᠤᠭᠤᠯᠠ ᠤᠮᠳᠠ ᠳᠠᠭᠠᠨ ᠪᠠᠶᠢᠭᠠᠯᠢ ᠶᠢᠨ ᠢᠳᠡᠭᠡᠨ ᠤ ᠮᠠᠲ᠋ᠧᠷᠢᠶᠠᠯ ᠢ ᠰᠣᠩᠭᠤᠵᠤ᠂ | ᠳᠥᠭᠦᠮᠬᠡᠨ ᠢᠶᠠᠷ ᠡᠳᠰᠢᠭᠦᠯᠪᠡᠯ ᠪᠣᠯᠴᠢᠬᠠᠨ᠎ᠠ᠃ ᠬᠡᠳᠦ ᠳᠡᠯᠭᠡᠭᠦᠷ ᠤᠨ ᠵᠠᠷᠢᠮ ᠰᠤᠯᠠ ᠢᠳᠡᠭᠡᠨ ᠵᠢᠴᠢ ᠬᠤᠭᠤᠯᠠᠨ | ᠭᠡᠷ ᠤᠨ ᠬᠠᠩᠭᠠᠭᠰᠠᠨ ᠠᠮᠲᠠᠲᠤ ᠨᠣᠭᠤᠭ᠎ᠠ ᠨᠢ ᠶᠡᠷᠦ ᠨᠢ ᠠᠮᠲᠠ ᠶᠢᠨ ᠲᠥᠯᠥᠭᠡ᠂ ᠡᠰᠡᠬᠦᠯ᠎ᠡ ᠲᠣᠰᠣ᠂ ᠨᠢᠭᠡ ᠨᠢ | ᠥᠨᠳᠥᠷ᠂ ᠨᠢᠭᠡ ᠨᠢ ᠥᠨᠳᠥᠷ᠂ ᠱᠢᠬᠢᠷ᠂ ᠲᠡᠷᠡᠴᠢᠯᠡᠨ ᠭᠤᠷᠪᠠᠨ ᠨᠢ ᠪᠦᠷ ᠥᠨᠳᠥᠷ᠃ ᠤᠳᠠᠭᠠᠨ ᠵᠢᠯ ᠢᠩᠭᠢᠵᠦ | ᠬᠢᠭᠰᠡᠨ ︽ᠭᠤᠷᠪᠠᠨ ᠥᠨᠳᠥᠷ︾ ᠬᠦᠨᠡᠰᠦᠨ ᠤ ᠪᠦᠲᠦᠭᠡᠭᠳᠡᠬᠦᠨ ᠨᠢ ᠡᠮᠴᠢ ᠠᠴᠠ ᠥᠪᠡᠷ ᠢᠶᠠᠨ ︽ᠭᠤᠷᠪᠠᠨ | ᠥᠨᠳᠥᠷ︾ ︵ᠴᠢᠰᠤᠨ ᠥᠭᠡᠬᠦ ᠶᠡᠭᠡ᠂ ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ︶ ᠦᠵᠡᠬᠦ | ᠠᠶᠤᠯ ᠨᠢ ᠴᠤ ᠶᠡᠬᠡᠬᠡᠨ ᠨᠡᠮᠡᠭᠳᠡᠪᠡ᠃ | ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |