ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠥᠷᠨᠢᠭᠦᠯᠪᠡ
ᠨᠡᠶᠢᠲᠡᠯᠡᠭᠰᠡᠨ ᠴᠠᠭ᠄
2024/5/21
     5 ᠰᠠᠷ᠎ᠠ ᠶᠢᠨ 17 ᠤ ᠡᠳᠦᠷ᠂ ᠰᠢᠩ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠥᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠢᠩ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢ ᠥᠷᠨᠢᠭᠦᠯᠵᠦ᠂ ᠪᠥᠬᠦ ᠨᠠᠮ ᠤᠨ ᠭᠡᠰᠢᠭᠦᠨ ᠰᠤᠷᠤᠯᠴᠠᠯᠭ᠎ᠠ ᠳᠤ ᠣᠷᠣᠯᠴᠠᠪᠠ᠃      ᠨᠣᠮ ᠤᠩᠰᠢᠬᠤ ᠠᠩᠭᠢ ᠳᠤ᠂ ᠣᠯᠠᠨ ᠢᠶᠠᠷ ᠢᠶᠠᠨ ᠪᠦᠯᠦᠭ ᠳᠠᠷᠠᠭᠠᠯᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠵᠢᠷᠭᠤᠳᠤᠭᠠᠷ ᠪᠦᠯᠦᠭ᠂ ᠳᠣᠯᠣᠳᠤᠭᠠᠷ ᠪᠦᠯᠦᠭ ᠢ ᠰᠤᠷᠤᠯᠴᠠᠵᠤ᠂ ᠲᠠᠪᠢᠨ ᠨᠢᠭᠡᠳᠦᠭᠡᠷ ᠵᠦᠢᠯ᠂ ᠵᠢᠷᠠ ᠶᠢᠰᠦᠳᠦᠭᠡᠷ ᠵᠦᠢᠯ᠂ ᠳᠠᠯᠠᠳᠤᠭᠠᠷ ᠵᠦᠢᠯ ᠵᠡᠷᠭᠡ ᠠᠭᠤᠯᠭ᠎ᠠ ᠶᠢᠨ ᠲᠣᠭᠤᠷᠢᠨ ᠳᠤ ᠭᠤᠤᠯᠳᠠᠯᠭ᠎ᠠ ᠲᠠᠢ ᠲᠠᠶᠢᠯᠤᠮᠵᠢ ᠬᠢᠵᠦ᠂ ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠥᠬᠦ ᠠᠵᠢᠯᠲᠠᠳ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠦᠶ᠋ᠯᠡ ᠠᠵᠢᠯᠯᠠᠭ᠎ᠠ ᠳᠤ ᠬᠡᠷᠬᠢᠨ ᠰᠢᠢᠳᠬᠡᠯ ᠥᠭᠬᠦ ᠲᠤᠬᠠᠶ ᠨᠠᠩ ᠣᠨᠣᠪᠴᠢᠲᠠᠶ ᠡᠵᠡᠮᠰᠢᠨ ᠣᠶᠢᠯᠠᠭᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠵᠢᠷᠦᠮᠯᠡᠬᠦ ᠶᠢ ᠪᠡᠶᠡᠯᠡᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠪᠠ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠰᠠᠬᠢᠯᠭ᠎ᠠ ᠪᠠᠲᠤ ᠪᠣᠯ ᠨᠠᠮ ᠤᠨ ᠠᠮᠢᠨ ᠰᠤᠳᠠᠰᠤ ᠮᠥᠨ᠂ ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠪᠦᠬᠦ ᠨᠠᠮ ᠤᠨ ᠭᠡᠰᠢᠭᠦᠨ ᠤ ᠡᠷᠬᠡᠪᠰᠢ ᠵᠢᠷᠤᠮᠯᠠᠬᠤ ᠦᠢᠯᠡ ᠠᠵᠢᠯᠯᠠᠭ᠎ᠠ ᠶᠢᠨ ᠪᠠᠷᠢᠮᠵᠢᠶ᠎ᠠ ᠮᠥᠨ᠂ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ︽ᠤᠯᠤᠰ ᠲᠦᠷᠦ ᠶᠢᠨ ᠲᠠᠯ᠎ᠠ ᠠᠴᠠ ᠦᠵᠡᠬᠦ︾᠂ ︽ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ︾ ᠶᠢ ᠴᠢᠳᠠᠮᠠᠭᠠᠢ ᠪᠠᠷ ᠪᠡᠶᠡᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠤ ᠲᠥᠪ ᠭᠤᠣᠯᠴᠢ ᠪᠠᠷ ᠬᠠᠤᠯᠢ ᠪᠠᠷᠢᠬᠤ ᠰᠢᠨ᠎ᠡ ᠬᠡᠷᠡᠭᠴᠡᠭᠡ ᠳᠤ ᠬᠠᠷᠢᠭᠤᠯᠲᠠ ᠥᠭᠴᠦ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠬᠦ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3