ᠰᠢᠩ ᠾᠧ ᠰᠢᠶᠠᠨ 2024 ᠣᠨ ᠤ ︽ᠰᠢᠨ᠎ᠡ ᠠᠶᠠᠨ ᠢ ᠨᠠᠮᠳᠠᠭᠤᠯᠬᠤ︾ ᠤᠨᠤᠯ ᠤᠨ ᠤᠬᠠᠭᠤᠯᠤᠨ ᠲᠠᠶᠢᠯᠪᠤᠷᠢᠯᠠᠬᠤ ᠦᠵᠡᠭᠦᠯᠦᠯᠭᠡ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/5/22
     ᠤᠨᠤᠯ ᠤᠨ ᠤᠬᠠᠭᠤᠯᠤᠨ ᠲᠠᠶᠢᠯᠪᠤᠷᠢᠯᠠᠬᠤ ᠦᠵᠡᠯ ᠰᠠᠨᠠᠭ᠎ᠠ ᠪᠠᠨ ᠨᠢᠭᠡᠳᠬᠡᠬᠦ᠂ ᠬᠦᠴᠦᠨ ᠴᠢᠳᠠᠯ ᠢᠶᠠᠨ ᠨᠢᠭᠲᠠᠷᠠᠭᠤᠯᠬᠤ᠂ ᠲᠡᠮᠡᠴᠡᠯ ᠤᠨ ᠵᠣᠷᠢᠭ ᠢ ᠬᠥᠪᠴᠢᠯᠡᠬᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ᠃ 5 ᠰᠠᠷ᠎ᠠ ᠶᠢᠨ 21᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠠᠴᠠ ᠳᠠᠭᠠᠭᠠᠴᠢᠯᠠᠨ ᠡᠷᠬᠢᠯᠡᠭᠰᠡᠨ ᠰᠢᠩ ᠾᠧ ᠰᠢᠶᠠᠨ ᠤ 2024 ᠣᠨ ᠤ ︽ᠰᠢᠨ᠎ᠡ ᠠᠶᠠᠨ ᠵᠠᠮ ᠢᠶᠠᠨ ᠮᠠᠭᠲᠠᠨ ᠳᠠᠭᠤᠯᠠᠬᠤ︾ ᠤᠨᠤᠯ ᠤᠨ ᠤᠬᠠᠭᠤᠯᠤᠨ ᠲᠠᠶᠢᠯᠪᠤᠷᠢᠯᠠᠬᠤ ᠰᠣᠯᠢᠯᠴᠠᠭᠠᠨ ᠤ ᠦᠵᠡᠭᠦᠯᠦᠯᠭᠡ ᠶᠢᠨ ᠬᠤᠷᠠᠯ ᠠᠮᠵᠢᠯᠲᠠ ᠲᠠᠢ ᠶᠠᠪᠤᠭᠳᠠᠪᠠ᠃
     ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠮᠣᠩᠭᠤᠯ ᠮᠣᠷᠢᠨ ᠤ ᠵᠣᠷᠢᠭ ᠰᠠᠨᠠᠭ᠎ᠠ ᠪᠠ ᠤᠮᠠᠷᠠᠲᠤ ᠬᠢᠯᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠦᠷᠭᠦᠯᠵᠢᠯᠡᠨ ᠪᠠᠶᠠᠯᠢᠭᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠲᠠ ᠬᠥᠳᠡᠭᠡ ᠶᠢᠨ ᠬᠠᠮᠲᠤ ᠶᠢᠨ ᠬᠥᠭᠵᠢᠯᠲᠡ ᠶᠢ ᠠᠬᠢᠭᠤᠯᠵᠤ᠂ ᠣᠯᠠᠨ ᠲᠦᠮᠡᠨ ᠳᠤ ᠤᠶᠢᠯᠡᠴᠢᠯᠡᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ ︽ᠡᠴᠦᠰ ᠤᠨ ᠨᠢᠭᠡ ᠺᠢᠯᠣᠮᠧᠳ᠋ᠷ︾᠎ ᠢ ᠨᠡᠪᠲᠡᠷᠡᠭᠦᠯᠵᠦ᠂ ᠪᠥᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ ᠬᠦᠴᠦᠲᠡᠶ ᠦᠵᠡᠯ ᠰᠠᠨᠠᠭᠠᠨ ᠤ ᠪᠠᠲᠤᠯᠠᠭ᠎ᠠ ᠪᠠ ᠣᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠬᠤ ᠶᠢᠨ ᠲᠥᠯᠥᠭᠡ ᠶᠤᠮ᠃      ᠰᠣᠯᠢᠯᠴᠠᠭᠠᠨ ᠤ ᠬᠤᠷᠠᠯ ᠳᠡᠭᠡᠷ᠎ᠡ᠂ ᠲᠠᠮᠢᠷᠴᠢᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠪᠣᠯᠤᠨ ᠠᠵᠢᠯ ᠲᠦᠷᠦᠯ ᠤᠨ ᠣᠨᠴᠠᠯᠢᠭ ᠲᠠᠢ ᠪᠠᠨ ᠤᠶᠠᠯᠳᠤᠭᠤᠯᠵᠤ᠂ ᠡᠯᠪᠡᠭ ᠪᠠᠶᠠᠯᠢᠭ ᠲᠡᠦᠬᠡ ᠶᠢᠨ ᠮᠠᠲ᠋ᠧᠷᠢᠶᠠᠯ᠂ ᠨᠠᠷᠢᠨ ᠪᠣᠳᠠᠲᠠᠢ ᠲᠤᠭ᠎ᠠ ᠪᠠᠷᠢᠮᠲᠠ ᠶᠢ ᠬᠡᠷᠡᠭᠯᠡᠵᠦ᠂ ᠬᠥᠭᠵᠢᠯ ᠮᠠᠨᠳᠤᠯ ᠤᠨ ᠦᠯᠢᠭᠡᠷ ᠢ ᠭᠦᠨ ᠰᠡᠳᠬᠢᠯᠭᠡ ᠲᠠᠢ ᠪᠠᠷ ᠶᠠᠷᠢᠪᠠ᠃      ᠲᠠᠮᠢᠷᠴᠢᠳ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠯᠠᠪᠳᠠᠭᠤᠨ ᠪᠠᠲᠤᠲᠠᠢ ᠦᠭᠡ ᠬᠡᠯᠡ᠂ ᠪᠣᠷᠣᠭᠵᠢᠭᠤᠨ ᠦᠭᠡ ᠬᠡᠯᠡ᠂ ᠠᠮᠢᠳᠤᠯᠢᠭ ᠵᠢᠱᠢᠶ᠎ᠡ᠂ ᠴᠢᠩ ᠦᠨᠡᠨᠴᠢ ᠰᠡᠳᠬᠢᠯᠭᠡ ᠪᠠᠷ ︽ᠵᠢᠵᠢᠭ ᠦᠯᠢᠭᠡᠷ︾᠎ ᠢᠶᠠᠷ ︽ᠰᠢᠨ᠎ᠡ ᠴᠠᠭ ᠦᠶ᠎ᠡ︾᠎ ᠶᠢ ᠲᠤᠰᠬᠠᠵᠤ᠂ ︽ᠵᠢᠵᠢᠭ ᠬᠥᠮᠦᠨ︾᠎ ᠢᠶᠠᠷ ︽ᠶᠡᠭᠡ ᠬᠠᠶᠢᠷ᠎ᠠ ᠰᠡᠳᠬᠢᠯᠭᠡ︾᠎ ᠶᠢ ᠠᠴᠢᠶᠠᠯᠠᠵᠤ᠂ ︽ᠵᠢᠵᠢᠭ ᠬᠡᠷᠴᠢᠭᠦᠷ︾ ︽ᠲᠤᠮᠤ ᠭᠤᠣᠯ ᠰᠡᠳᠦᠪ︾᠎ ᠢ ᠲᠠᠶᠢᠯᠪᠤᠷᠢᠯᠠᠵᠤ᠂ ᠦᠨᠳᠦᠰᠦᠨ ᠱᠠᠲᠤᠨ ᠤ ᠬᠠᠷᠠᠭᠠᠰᠤ ᠠᠴᠠ ᠨᠠᠮ ᠤᠨ ᠰᠢᠨ᠎ᠡ ᠶᠢ ᠡᠭᠦᠳᠬᠦ ᠤᠨᠤᠯ ᠢ ᠦᠨᠳᠦᠰᠦᠨ ᠱᠠᠲᠤᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠠᠶᠢᠯᠪᠤᠷᠢᠯᠠᠵᠤ᠂ ᠭᠤᠶᠢᠳᠠ ᠰᠠᠶᠢᠬᠠᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠦᠪᠡᠳᠡᠭᠰᠢ ᠨᠠᠶᠢᠷ ᠢ ᠣᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠡᠴᠦᠰ ᠲᠡᠭᠡᠨ 15 ᠰᠢᠯᠢᠳᠡᠭ ᠨᠢ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠪᠠᠷ ᠦᠨᠡᠯᠡᠭᠳᠡᠭᠰᠡᠨ ᠪᠥᠭᠡᠳ ᠡᠨᠡ ᠪᠦᠯᠦᠭ ᠰᠢᠯᠢᠳᠡᠭ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠠᠴᠠ ᠤᠯᠠᠭᠠᠨᠴᠠᠪ ᠬᠤᠲᠠ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠰᠣᠩᠭᠤᠨ ᠭᠠᠷᠭᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3