ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠵᠤ᠂ ᠪᠣᠯᠪᠠᠰᠤᠨ ᠢᠶᠠᠷ ᠠᠷᠪᠢᠯᠠᠨ | ᠭᠠᠮᠨᠠᠬᠤ ᠬᠤᠷᠢᠮ ᠤᠨ ᠱᠢᠨ᠎ᠡ ᠰᠤᠷᠲᠠᠯ ᠢ ᠪᠣᠢ ᠪᠣᠯᠭᠠᠬᠤ ᠶᠢᠨ ᠲᠥᠯᠥᠭᠡ᠃ 5 ᠰᠠᠷ᠎ᠠ ᠶᠢᠨ 20 ᠤ ᠡᠳᠦᠷ᠂ ᠮᠠᠨ ᠤ | ᠰᠢᠶᠠᠨ ᠴᠠᠷ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ᠳᠤ ᠲᠦᠷ ᠴᠠᠭ ᠤᠨ ᠤᠷᠤᠭ ᠤᠨ ᠪᠦᠷᠢᠳᠬᠡᠯ ᠤᠨ | ᠭᠠᠵᠠᠷ ᠪᠠᠶᠢᠭᠤᠯᠤᠭᠰᠠᠨ ᠪᠥᠭᠡᠳ ᠬᠠᠮᠲᠤ ᠶᠢᠨ ᠬᠤᠷᠢᠮ ᠤᠨ ᠠᠵᠢᠯᠯᠠᠭ᠎ᠠ ᠥᠷᠨᠢᠭᠦᠯᠵᠦ᠂ 15 ᠰᠢᠨ᠎ᠡ ᠬᠥᠮᠥᠨ ᠳᠤ | ᠣᠨᠴᠠᠭᠠᠶ ᠵᠥᠩᠨᠡᠯ ᠳᠡᠪᠰᠢᠭᠦᠯᠪᠡ᠃ | | | ᠲᠤᠰ ᠡᠳᠦᠷ ᠲᠤ᠂ ᠴᠠᠷ ᠨᠠᠭᠤᠷ ᠤᠨ ᠠᠮᠠᠷᠠᠯᠲᠠ ᠶᠢᠨ ᠣᠷᠣᠨ ᠳᠤ ᠬᠠᠯᠠᠭᠤᠨ ᠳᠤᠯᠠᠭᠠᠨ᠂ ᠷᠣᠮᠠᠨᠲ᠋ᠢᠭ | ᠮᠥᠷᠲᠡᠭᠡᠨ ᠲᠥᠪ ᠶᠡᠬᠡᠮᠰᠦᠭ᠂ ᠬᠥᠷ ᠬᠥᠭᠵᠢᠶᠡᠨ ᠲᠠᠢ ᠪᠠᠶᠢᠳᠠᠯ ᠢᠯᠡᠷᠡᠪᠡ᠃ ᠥᠷᠯᠥᠭᠡ ᠶᠢᠨ 8 ᠴᠠᠭ ᠬᠠᠭᠠᠰ ᠲᠤ | ᠂ ᠠᠵᠢᠯᠯᠠᠭ᠎ᠠ ᠳᠤ ᠣᠷᠣᠯᠴᠠᠭᠰᠠᠨ ᠰᠢᠨ᠎ᠡ ᠬᠥᠮᠦᠨ ᠬᠠᠮᠲᠤ ᠪᠠᠷ ᠴᠠᠷᠠᠰᠤᠨ ᠨᠠᠭᠤᠷ ᠤᠨ ᠠᠮᠠᠷᠠᠯᠲᠠ ᠶᠢᠨ | ᠲᠣᠭᠤᠷᠢᠭ ᠲᠤ ᠬᠦᠷᠴᠦ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠠᠵᠢᠯᠲᠠᠳ ᠵᠤᠭᠠᠴᠠᠭᠰᠠᠳ ᠤᠨ | ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠳᠤ ᠲᠦᠷ ᠴᠠᠭ ᠤᠨ ᠤᠷᠤᠭ ᠤᠨ ᠪᠦᠷᠢᠳᠬᠡᠯ ᠤᠨ ᠭᠠᠵᠠᠷ ᠪᠠᠶᠢᠭᠤᠯᠵᠤ | ᠂ 15 ᠬᠥᠮᠦᠨ ᠳᠤ ᠤᠷᠤᠭ ᠤᠨ ᠪᠦᠷᠢᠳᠬᠡᠯ ᠤᠨ ᠭᠠᠷ ᠭᠦᠢᠴᠡᠳᠬᠡᠯ ᠬᠢᠭᠰᠡᠨ ᠪᠥᠭᠡᠳ ᠠᠵᠢᠯᠯᠠᠭ᠎ᠠ ᠳᠤ | ᠣᠷᠣᠯᠴᠠᠭᠰᠠᠨ ᠰᠢᠨ᠎ᠡ ᠬᠥᠮᠦᠨ ᠳᠤ ᠴᠡᠴᠡᠭ ᠡᠷᠭᠦᠵᠦ᠂ ᠳᠤᠷᠠᠰᠬᠠᠯ ᠤᠨ ᠡᠳ᠋ ᠵᠡᠷᠭᠡ ᠶᠢ ᠪᠡᠯᠡᠭᠯᠡᠪᠡ᠃ ᠬᠠᠮᠲᠤ ᠶᠢᠨ | ᠬᠤᠷᠢᠮ ᠤᠨ ᠠᠵᠢᠯᠯᠠᠭ᠎ᠠ ᠳᠤ ᠪᠠᠶᠠᠯᠢᠭ ᠰᠠᠶᠢᠬᠠᠨ ᠭᠤᠭᠴᠤᠭ᠎ᠠ ᠲᠣᠬᠢᠷᠠᠭᠤᠯᠵᠤ᠂ ᠡᠭᠦᠨ ᠳᠤ ᠬᠠᠮᠲᠤ ᠶᠢᠨ ᠦᠨᠡᠮᠯᠡᠯ | ᠣᠯᠭᠤᠬᠤ ᠶᠣᠰᠣᠯᠠᠯ᠂ ᠰᠦᠢᠳᠬᠡᠯ ᠬᠤᠷᠢᠶᠠᠬᠤ ᠦᠭᠡᠢ ᠪᠠᠷ ᠭᠡᠷᠡᠯ ᠵᠢᠷᠤᠭ ᠲᠠᠲᠠᠵᠤ ᠳᠤᠷᠠᠰᠬᠠᠯ ᠦᠯᠡᠳᠡᠭᠡᠬᠦ᠂ | ᠴᠡᠴᠡᠷᠯᠢᠭ ᠢᠶᠠᠷ ᠵᠤᠭᠠᠴᠠᠵᠤ ᠺᠠᠷᠲ ᠠᠪᠬᠤ ᠵᠡᠷᠭᠡ ᠠᠭᠤᠯᠭ᠎ᠠ ᠶᠢ ᠪᠠᠭᠲᠠᠭᠠᠵᠤ᠂ ᠰᠢᠨ᠎ᠡ ᠬᠥᠮᠦᠨ ᠢ ᠬᠠᠪᠰᠤᠷᠤᠨ | ᠴᠢᠬᠤᠯᠠ ᠡᠳᠦᠷ ᠤᠳ ᠲᠤ ᠰᠠᠶᠢᠨ ᠰᠠᠶᠢᠬᠠᠨ ᠡᠷᠭᠢᠴᠡᠭᠦᠯᠦᠯ ᠨᠡᠮᠡᠷᠢᠯᠡᠵᠦ᠂ ᠵᠣᠯ ᠵᠢᠷᠭᠠᠯᠲᠤ ᠤᠷᠤᠭ ᠤᠨ ᠶᠠᠪᠤᠳᠠᠯ ᠢ | ︽ᠬᠠᠮᠠᠭᠠᠯᠠᠵᠤ︾᠂ ᠪᠣᠯᠪᠠᠰᠤᠨ ᠤᠷᠤᠭ ᠤᠨ ᠳᠠᠳᠬᠠᠯ ᠢ ᠰᠠᠨᠠᠭᠠᠴᠢᠯᠠᠪᠠ᠃ | ᠬᠠᠮᠲᠤ ᠶᠢᠨ ᠬᠤᠷᠢᠮ ᠤᠨ ᠶᠣᠰᠣᠯᠠᠯ ᠳᠠᠭᠤᠰᠤᠭᠰᠠᠨ ᠤ ᠳᠠᠷᠠᠭ᠎ᠠ᠂ 15 ᠰᠢᠨ᠎ᠡ ᠬᠥᠮᠦᠨ ᠤ ᠴᠠᠷ ᠨᠠᠭᠤᠷ ᠤᠨ | ᠵᠤᠭᠠᠴᠠᠯ ᠤᠨ ᠠᠮᠠᠷᠠᠯᠲᠠ ᠶᠢᠨ ᠣᠷᠣᠨ ᠳᠤ ᠠᠯᠬᠤᠯᠠᠬᠤ ᠠᠵᠢᠯᠯᠠᠭ᠎ᠠ ᠬᠢᠵᠦ᠂ ᠠᠮᠠᠷᠠᠯᠲᠠ ᠶᠢᠨ ᠣᠷᠣᠨ ᠤ ᠵᠤᠨ ᠤ | ᠡᠬᠢ ᠪᠠᠷ ᠦᠵᠡᠰᠬᠦᠯᠡᠩᠲᠦ ᠰᠠᠶᠢᠬᠠᠨ ᠥᠩᠭᠡ ᠦᠵᠡᠮᠵᠢ ᠶᠢ ᠰᠣᠨᠢᠷᠬᠠᠬᠤ ᠶᠢᠨ ᠬᠠᠮᠲᠤ ᠪᠣᠯᠪᠠᠰᠤᠨ ᠡᠷᠡᠭᠦᠯ ᠴᠢᠭᠢᠷᠠᠭ | ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠪᠡ᠃ | ᠲᠣᠰ ᠤᠳᠠᠭᠠᠨ ᠤ ᠬᠠᠮᠲᠤ ᠶᠢᠨ ᠬᠤᠷᠢᠮ ᠤᠨ ᠠᠵᠢᠯᠯᠠᠭ᠎ᠠ ᠶᠢ ᠤᠷᠢᠳᠴᠢᠯᠠᠨ ᠬᠠᠯᠠᠬᠤ ᠠᠴᠠ ᠵᠢᠩᠬᠢᠨᠢ ᠪᠠᠷ | ᠡᠷᠭᠢᠯᠡᠬᠦ ᠪᠣᠯᠲᠠᠯ᠎ᠠ ᠨᠡᠶᠢᠭᠡᠮ ᠨᠡᠶᠢᠲᠡ ᠶᠢᠨ ᠠᠩᠬᠠᠷᠤᠯ ᠢ ᠥᠷᠭᠡᠨ ᠢᠶᠠᠷ ᠲᠠᠲᠠᠵᠤ᠂ ᠰᠢᠨ᠎ᠡ ᠰᠡᠪᠡᠭᠦᠨ ᠡᠭᠡᠯ | ᠪᠣᠷᠣᠭᠵᠢᠭᠤᠨ ᠮᠥᠷᠲᠡᠭᠡᠨ ᠦᠪᠡᠳᠡᠭᠰᠢ ᠶᠡᠭᠡ᠂ ᠷᠣᠮᠠᠨᠲ᠋ᠢᠭ ᠬᠤᠷᠢᠮ ᠤᠨ ᠶᠣᠰᠣᠯᠠᠯ ᠤᠨ ᠠᠷᠭ᠎ᠠ ᠮᠠᠶ᠋ᠢᠭ ᠨᠢ ᠮᠠᠨ ᠤ | ᠰᠢᠶᠠᠨ ᠤ ᠪᠠᠶᠠᠷ ᠤᠨ ᠶᠠᠪᠤᠳᠠᠯ ᠢ ᠰᠢᠨ᠎ᠡ ᠪᠠᠷ ᠰᠢᠢᠳᠪᠦᠷᠢᠯᠡᠬᠦ ᠨᠡᠶᠢᠭᠡᠮ ᠤᠨ ᠰᠢᠨ᠎ᠡ ᠰᠤᠷᠲᠠᠯ ᠢ ᠪᠠᠳᠠᠷᠠᠭᠤᠯᠵᠤ᠂ | ᠪᠣᠯᠪᠠᠰᠤᠨ ᠢᠶᠠᠷ ᠠᠷᠪᠢᠯᠠᠨ ᠭᠠᠮᠨᠠᠬᠤ᠂ ᠡᠷᠡᠭᠦᠯ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ | ᠥᠷᠭᠡᠨ ᠣᠯᠠᠨ ᠵᠠᠯᠠᠭᠤᠴᠤᠳ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠬᠤᠷᠢᠮ ᠤᠨ ᠵᠠᠩ ᠳᠠᠳᠬᠠᠯ ᠤᠨ | ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠭᠠᠬᠤ ᠪᠠᠷ ᠴᠢᠷᠮᠠᠶᠢᠬᠤ ᠳᠤ ᠪᠦᠲᠦᠮᠵᠢᠲᠡᠶ | ᠦᠢᠯᠡᠳᠦᠯ ᠦᠵᠡᠭᠦᠯᠵᠡᠶ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | | |