5 ᠰᠠᠷ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠥᠯᠥᠭᠡᠯᠡᠭᠴᠢ ᠭᠡᠰᠢᠭᠦᠳ ᠤᠨ ᠣᠯᠠᠨ ᠲᠦᠮᠡᠨ ᠲᠠᠢ ᠬᠠᠷᠢᠯᠴᠠᠬᠤ᠂ ᠣᠯᠠᠨ ᠲᠦᠮᠡᠨ ᠳᠤ ᠦᠢᠯᠡᠴᠢᠯᠡᠬᠦ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠴᠧᠩ ᠭᠤᠸᠠᠨ ᠪᠠᠯᠭᠠᠰᠤᠨ ᠤ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠯᠡ ᠲᠣᠳᠣ ᠪᠦᠲᠦᠮᠵᠢᠲᠡᠶ ᠥᠷᠨᠢᠭᠦᠯᠪᠡ᠃ ᠡᠭᠦᠨ ᠤ ᠬᠠᠮᠲᠤ | ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ︽ᠰᠠᠷ᠎ᠠ ᠪᠠᠷ ᠰᠤᠷᠪᠤᠯᠵᠢᠯᠠᠬᠤ︾ ᠠᠵᠢᠯᠯᠠᠭ᠎ᠠ ᠲᠠᠢ ᠤᠶᠠᠯᠳᠤᠭᠤᠯᠤᠨ | ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠶᠢᠯᠡᠳᠪᠤᠷᠢᠯᠡᠯ ᠠᠮᠢᠳᠤᠷᠠᠯ ᠤᠨ | ᠪᠠᠶᠢᠳᠠᠯ ᠢ ᠣᠶᠢᠯᠠᠭᠠᠵᠤ᠂ ᠲᠡᠳᠡᠨ ᠤ ᠪᠠᠴᠢᠮ ᠪᠡᠷᠬᠡ ᠵᠣᠪᠠᠨᠢᠯ ᠢ ᠰᠢᠢᠳᠪᠤᠷᠢᠯᠡᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠴᠧᠩ ᠭᠤᠸᠠᠨ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠰᠢᠩ ᠬᠤᠸᠠ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠠᠩᠭᠢ᠂ ᠤᠳᠬ᠎ᠠ ᠤᠷᠠᠯᠢᠭ ᠤᠨ ᠳᠤᠷ᠎ᠠ | ᠪᠠᠭ᠋ᠠᠲᠠᠶ ᠬᠥᠮᠦᠰ ᠢ ᠵᠣᠬᠢᠶᠠᠨ ᠪᠠᠶᠢᠭᠤᠯᠵᠤ ᠤᠷᠠᠨ ᠰᠠᠶᠢᠬᠠᠨ ᠤ ᠲᠣᠭᠯᠠᠯᠲᠠ ᠥᠷᠨᠢᠭᠦᠯᠪᠡ᠃ ᠲᠡᠳᠡ ᠣᠷᠭᠢᠯᠤᠮ᠎ᠠ ᠬᠠᠯᠠᠭᠤᠨ | ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠣᠯᠠᠨ ᠲᠦᠮᠡᠨ ᠳᠤ ᠳᠡᠪᠢᠭᠦᠷ ᠪᠥᠵᠢᠭ ︽ᠡᠬᠡ ᠤᠯᠤᠰ ᠲᠠ ᠰᠠᠶᠢᠨ ᠤᠤ︾᠂ | ᠭᠤᠷᠪᠠᠨ ᠥᠭᠦᠯᠡᠪᠦᠷᠢ ᠬᠠᠭᠠᠰ ︽ᠦᠨᠳᠦᠰᠦᠲᠡᠨ ᠨᠦᠭᠦᠳ ᠤᠨ ᠣᠯᠠᠨ ᠲᠦᠮᠡᠨ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠬᠦ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠲᠣᠭᠯᠠᠵᠤ᠂ ᠭᠤᠤᠯ ᠰᠡᠳᠦᠪ ᠨᠢ ᠲᠣᠪᠤᠶᠢᠮ᠎ᠠ᠂ ᠠᠶᠢᠵᠠᠮ ᠨᠢ | ᠪᠠᠶᠠᠷ ᠬᠥᠷ ᠲᠠᠢ ᠪᠠᠶᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠨᠢᠭᠡᠳᠴᠦ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠪᠥᠬᠦ ᠪᠠᠯᠭᠠᠰᠤᠨ ᠤ | ᠦᠨᠳᠦᠰᠦᠲᠡᠨ ᠨᠦᠭᠦᠳ ᠤᠨ ᠰᠣᠶᠣᠯ ᠤᠨ ᠶᠡᠭᠡ ᠬᠥᠭᠵᠢᠯ ᠴᠡᠴᠡᠭᠯᠡᠯ ᠢ ᠠᠬᠢᠭᠤᠯᠪᠠ᠃ | ᠲᠥᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠶᠢᠨ ︽ᠤᠬᠠᠭᠤᠯᠤᠭᠴᠢ︾ ᠪᠣᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠶᠢ ᠨᠠᠩ ᠢᠯᠡ ᠪᠣᠯᠭᠠᠪᠠ | ᠴᠧᠩ ᠭᠤᠸᠠᠨ ᠪᠠᠯᠭᠠᠰᠤ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠲᠤᠬᠠᠶ ᠶᠢᠨ ᠲᠠᠯᠠᠪᠠᠶ ᠳᠤ ᠰᠠᠭᠤᠭᠠᠯᠢ | ᠠᠷᠠᠳ ᠣᠯᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠥᠰᠥᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠥᠭᠡᠳ | ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠰᠠᠮᠪᠠᠷ᠎ᠠ ᠳᠤ ᠲᠦᠰᠢᠭᠯᠡᠨ ᠨᠠᠮ ᠤᠨ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠶ ᠪᠠᠷ ᠲᠠᠶᠢᠯᠪᠤᠷᠢᠯᠠᠵᠤ᠂ | ᠦᠨᠳᠦᠰᠦᠲᠡᠨ ᠤ ᠪᠦᠯᠬᠦᠮᠳᠡᠯ᠂ ᠬᠠᠮᠲᠤ ᠶᠢᠨ ᠳᠠᠪᠰᠢᠯᠲᠠ ᠶᠢᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠤᠯᠠᠮ ᠨᠢᠭᠡ | ᠠᠯᠬᠤᠮ ᠨᠢᠭᠲᠠᠷᠠᠭᠤᠯᠪᠠ᠃ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ︽ᠴᠤᠭᠯᠠᠭᠤᠯᠤᠭᠴᠢ︾ ᠪᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠶᠢ ᠨᠡᠩ ᠢᠯᠡᠭᠦᠦ ᠤᠬᠠᠭᠤᠯᠪᠠ᠃ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠭᠦᠨᠵᠡᠭᠡᠶ ᠣᠶᠢᠯᠠᠭᠠᠬᠤ ᠶᠢᠨ | ᠲᠥᠯᠥᠭᠡ᠂ ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠲᠥᠯᠥᠭᠡᠯᠡᠭᠴᠢ ᠭᠡᠰᠢᠭᠦᠳ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠣᠯᠠᠨ | ᠲᠦᠮᠡᠨ ᠤ ︽ᠬᠡᠷ ᠤᠨ ᠠᠬᠠᠮᠠᠳ︾ ᠪᠠᠶᠢᠬᠤ ᠶᠢ ᠨᠠᠷᠢᠨ ᠬᠢᠨᠠᠮᠠᠭᠠᠶ ᠰᠣᠨᠣᠰᠴᠤ᠂ ᠲᠡᠳᠡᠨ ᠤ ᠠᠮᠢᠳᠤᠷᠠᠯ ᠤᠨ ᠪᠠᠶᠢᠳᠠᠯ ᠪᠠ | ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠬᠦᠯᠢᠴᠡᠩᠭᠦᠶ ᠪᠠᠷ ᠯᠠᠪᠯᠠᠨ ᠠᠰᠠᠭᠤᠬᠤ ᠶᠢᠨ ᠬᠠᠮᠲᠤ ᠰᠠᠨᠠᠯ ᠰᠠᠨᠠᠭᠤᠯᠭ᠎ᠠ ᠬᠤᠷᠢᠶᠠᠪᠠ᠃ | | ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ︽ᠦᠢᠯᠡᠴᠢᠯᠡᠭᠴᠢ︾ ᠪᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠶᠢ ᠨᠡᠩ ᠪᠦᠲᠦᠮᠵᠢᠲᠡᠢ ᠪᠣᠯᠭᠠᠬᠤ ᠬᠡᠷᠡᠭᠲᠡᠢ | ᠴᠧᠩ ᠭᠤᠸᠠᠨ ᠪᠠᠯᠭᠠᠰᠤ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠣᠯᠠᠨ ᠲᠦᠮᠡᠨ ᠤ ᠪᠤᠳᠤᠵᠤ ᠪᠠᠶᠢᠭ᠎ᠠ | ᠵᠦᠢᠯ ᠢ ᠪᠤᠳᠤᠵᠤ᠂ ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠪᠥᠬᠦ ᠰᠡᠳᠬᠢᠯ ᠪᠥᠬᠦ | ᠴᠢᠳᠠᠯ ᠢᠶᠠᠷ ᠢᠶᠠᠨ ᠣᠯᠠᠨ ᠲᠦᠮᠡᠨ ᠤ ︽ᠣᠷᠣᠯᠠᠨ ᠥᠭᠦᠯᠡᠭᠴᠢ︾ ᠪᠣᠯᠵᠣ᠂ ᠣᠯᠠᠨ ᠲᠦᠮᠡᠨ ᠤ ᠰᠠᠨᠠᠯ ᠰᠠᠨᠠᠭᠤᠯᠭ᠎ᠠ ᠪᠠ ︽ | ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ ᠡᠮᠬᠢᠯᠡᠨ ᠳᠢᠭᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠢᠳᠡᠪᠬᠢᠲᠡᠶ | ᠵᠣᠬᠢᠴᠠᠭᠤᠯᠤᠨ᠂ ᠣᠯᠠᠨ ᠲᠦᠮᠡᠨ ᠢ ᠬᠠᠪᠰᠤᠷᠤᠨ ︽ᠪᠤᠬᠢᠨᠢᠳᠤᠵᠤ ᠪᠠᠶᠢᠭ᠎ᠠ ᠤᠴᠢᠷ︾᠂ ︽ᠵᠣᠪᠠᠵᠤ ᠪᠠᠶᠢᠭ᠎ᠠ ᠤᠴᠢᠷ︾ ᠢ | ᠰᠢᠢᠳᠪᠤᠷᠢᠯᠡᠵᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠵᠣᠪᠠᠨᠢᠯ ᠢ ᠰᠢᠢᠳᠪᠤᠷᠢᠯᠡᠬᠦ ᠶᠢ ᠦᠨᠡᠨ ᠬᠦ | ᠪᠡᠶᠡᠯᠡᠭᠦᠯᠪᠡ᠃ | ᠳᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ | ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠤᠭᠴᠢ᠂ ᠦᠨᠳᠦᠰᠦᠲᠡᠨ ᠤ ᠪᠦᠯᠬᠦᠮᠳᠡᠯ ᠤᠨ | ᠦᠢᠯᠡᠳᠦᠯᠭᠡᠵᠢᠭᠦᠯᠦᠭᠴᠢ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠬᠠᠮᠠᠭᠠᠯᠠᠭᠴᠢ | ᠪᠤᠯᠵᠤ᠂ ᠵᠥᠪ ᠲᠠᠯ᠎ᠠ ᠠᠴᠠ ᠦᠭᠡ ᠬᠡᠯᠡᠬᠦ ᠶᠢ ᠪᠠᠷᠢᠮᠲᠠᠯᠠᠵᠤ ᠤᠬᠠᠭᠤᠯᠭ᠎ᠠ ᠶᠢ ᠰᠠᠶᠢᠲᠤᠷ ᠬᠢᠬᠦ ᠲᠠᠯ᠎ᠠ ᠪᠠᠷ ᠦᠯᠢᠭᠡᠷ | ᠳᠠᠭᠤᠷᠢᠶᠠᠯ ᠪᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠲᠥᠯᠥᠭᠡᠯᠡᠭᠴᠢ | ᠭᠡᠰᠢᠭᠦᠳ ᠤᠨ ᠬᠦᠴᠦᠨ ᠴᠢᠳᠠᠯ ᠢᠶᠠᠨ ᠡᠷᠭᠦᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ | ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠵᠦ᠂ ᠪᠦᠬᠦ ᠪᠠᠯᠭᠠᠰᠤ ᠶᠢᠨ | ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠨ᠎ᠠ᠃ | | | ᠵᠤᠬᠢᠶᠠᠭᠴᠢ᠄ ᠴᠧᠩ ᠭᠤᠸᠠᠨ ᠪᠠᠯᠭᠠᠰᠤ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |