ᠮᠠᠨ ᠤ ᠰᠢᠶᠠᠨ 2024 ᠣᠨ ᠤ ᠰᠢᠨ᠎ᠡ ᠵᠠᠭᠤᠴᠢᠯᠠᠭᠤᠷ ᠤᠨ ᠰᠦᠯᠵᠢᠶᠡᠨ ᠤ ᠨᠡᠷᠡᠲᠦ ᠬᠥᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/22
     ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠤ ᠨᠡᠷᠡᠲᠦ ᠬᠥᠮᠦᠰ ᠤᠨ ᠤᠯᠠᠮᠵᠢᠯᠠᠬᠤ ᠬᠦᠴᠦᠨ ᠤ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠰᠦᠯᠵᠢᠶᠡᠨ ᠤ ᠢᠳᠡᠪᠬᠢ ᠬᠦᠴᠦᠨ ᠢ ᠪᠠᠳᠠᠷᠠᠭᠤᠯᠵᠤ᠂ ᠰᠠᠶᠢᠨ ᠰᠠᠶᠢᠬᠠᠨ ᠡᠮᠬᠢ ᠵᠢᠷᠤᠮ ᠲᠠᠢ ᠰᠦᠯᠵᠢᠶᠡᠨ ᠤ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠬᠡᠷᠡᠭᠲᠡᠢ᠃ 5 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ 2024 ᠣᠨ ᠤ ᠰᠢᠨ᠎ᠡ ᠵᠠᠭᠤᠴᠢᠯᠠᠭᠤᠷ ᠤᠨ ᠰᠦᠯᠵᠢᠶᠡᠨ ᠤ ᠨᠠᠷᠠᠲᠤ ᠬᠥᠮᠦᠰ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢᠶᠠᠨ ᠤ ᠳᠣᠲᠣᠷᠠᠬᠢ 10 ᠭᠠᠷᠤᠶ ᠰᠦᠯᠵᠢᠶᠡᠨ ᠤ ᠨᠠᠷᠠᠲᠤ ᠬᠥᠮᠦᠰ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠤᠪᠢ ᠶᠢᠨ ᠵᠠᠭᠤᠴᠢᠯᠠᠭᠤᠷ ᠤᠨ ᠡᠵᠡᠩᠨᠡᠯᠲᠡ ᠪᠣᠯᠤᠨ ᠰᠢᠨ᠎ᠡ ᠶᠢ ᠡᠭᠦᠳᠦᠨ ᠬᠥᠭᠵᠢᠬᠦ᠂ ᠬᠤᠪᠢ ᠶᠢᠨ ᠵᠠᠭᠤᠴᠢᠯᠠᠭᠤᠷ ᠤᠨ ᠳᠠᠪᠠᠭᠤᠯᠢᠭ ᠢ ᠬᠡᠷᠬᠢᠨ ᠪᠠᠳᠠᠷᠠᠭᠤᠯᠵᠤ ᠰᠦᠯᠵᠢᠶᠡᠨ ᠤ ᠢᠳᠡᠪᠬᠢ ᠬᠦᠴᠦᠨ ᠢ ᠤᠯᠠᠮᠵᠢᠯᠠᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠦᠯᠵᠢᠶᠡᠨ ᠤ ᠨᠡᠷᠡᠲᠦ ᠬᠥᠮᠦᠰ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠥᠪᠡᠷ ᠤᠨ ᠲᠠᠪᠴᠠᠩ ᠤᠨ ᠲᠠᠩᠰᠠᠨ ᠨᠣᠮᠧᠷ ᠪᠣᠯᠤᠨ ᠢᠳᠡᠪᠬᠢ ᠬᠦᠴᠦᠨ ᠢ ᠳᠠᠮᠵᠢᠭᠤᠯᠬᠤ ᠶᠢ ᠠᠬᠢᠭᠤᠯᠬᠤ᠂ ᠰᠦᠯᠵᠢᠶᠡᠨ ᠤ ᠪᠣᠯᠪᠠᠰᠤᠨ ᠢ ᠪᠠᠳᠠᠷᠠᠭᠤᠯᠬᠤ ᠵᠡᠷᠭᠡ ᠲᠠᠯ᠎ᠠ ᠶᠢᠨ ᠲᠤᠷᠰᠢᠯᠭ᠎ᠠ ᠲᠦᠷᠦᠭᠳᠡᠯ ᠢᠶᠠᠨ ᠬᠤᠪᠢᠶᠠᠯᠴᠠᠭᠰᠠᠨ ᠪᠥᠭᠡᠳ ᠰᠢᠩ ᠾᠧ ᠰᠢᠶᠠᠨ ᠤ ᠰᠦᠯᠵᠢᠶᠡᠨ ᠤ ᠲᠦᠷᠢ ᠲᠥᠷᠬᠦ ᠶᠢ ᠬᠡᠷᠬᠢᠨ ᠨᠡᠩ ᠰᠠᠶᠢᠨ ᠢᠯᠡᠷᠡᠭᠦᠯᠬᠦ ᠲᠤᠬᠠᠢ ᠰᠠᠨᠠᠭᠤᠯᠭ᠎ᠠ ᠳᠤᠷᠠᠳᠤᠭᠰᠠᠨ ᠪᠥᠭᠡᠳ ︽ᠢᠨᠲ᠋ᠧᠷ ᠰᠦᠯᠵᠢᠶᠡᠨ ᠤ ᠬᠡᠷᠡᠭᠯᠡᠭᠴᠢᠳ ᠤᠨ ᠤᠯᠠᠨ ᠨᠡᠶᠢᠲᠡ ᠶᠢᠨ ᠲᠠᠩᠰᠠᠨ ᠨᠣᠮᠧᠷ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠮᠢᠶᠠᠷᠤᠯᠲᠠ ᠶᠢᠨ ᠲᠣᠭᠲᠠᠭᠠᠯ︾᠂ ︽ᠢᠨᠲ᠋ᠧᠷ ᠰᠦᠯᠵᠢᠶᠡᠨ ᠤ ᠡᠯᠭᠦᠭᠡ ᠪᠢᠴᠢᠭᠡᠰᠦ ᠶᠢᠨ ᠰᠢᠭᠦᠮᠵᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠠᠮᠲᠤᠪᠠᠷ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠦᠯᠵᠢᠶᠡᠨ ᠤ ᠨᠡᠷᠡᠲᠦ ᠬᠥᠮᠦᠰ ᠪᠣᠯ ᠰᠦᠯᠵᠢᠶᠡᠨ ᠤ ᠬᠥᠭᠵᠢᠯᠲᠡ ᠶᠢᠨ ᠳᠤᠮᠳᠠ ᠴᠣᠯᠭᠤᠷᠠᠨ ᠭᠠᠷᠤᠭᠰᠠᠨ ᠨᠢᠭᠡ ᠪᠦᠯᠦᠭ ᠰᠢᠨ᠎ᠡ ᠬᠦᠴᠦᠨ ᠮᠥᠨ᠂ ᠵᠥᠪ ᠲᠠᠯ᠎ᠠ ᠶᠢᠨ ᠵᠢᠯᠤᠭᠤᠳᠤᠯᠭ᠎ᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ᠂ ᠰᠦᠯᠵᠢᠶᠡᠨ ᠤ ᠨᠡᠷᠡᠲᠦ ᠬᠥᠮᠦᠰ ᠴᠦ ᠰᠤᠷᠤᠯᠴᠠᠯᠭ᠎ᠠ ᠪᠠᠨ ᠴᠢᠩᠭᠠᠳᠬᠠᠵᠤ᠂ ᠬᠡᠪ ᠴᠢᠨᠠᠷ ᠢᠶᠠᠨ ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠮᠠᠭᠤ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠬᠡᠷᠡᠭᠲᠡᠢ︔ ᠠᠵᠢᠯ ᠲᠥᠷᠥᠯ ᠤᠨ ᠵᠢᠷᠤᠮᠵᠢᠯ ᠢ ᠴᠢᠩᠭ᠎ᠠ ᠵᠢᠷᠤᠮᠯᠠᠵᠤ᠂ ᠤᠯᠠᠭᠠᠨ ᠱᠤᠭᠤᠮ ᠠᠴᠠ ᠳᠠᠪᠠᠭ᠋ᠤ ᠥᠬᠡᠶ᠂ ᠥᠨᠳᠥᠷ ᠬᠦᠴᠦᠳᠡᠯᠲᠦ ᠤᠲᠠᠰᠤᠨ ᠳᠤ ᠬᠥᠷᠬᠦ ᠥᠬᠡᠶ᠂ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠬᠥᠲᠥᠯᠦᠨ ᠳᠠᠭᠠᠭᠤᠯᠬᠤ ᠬᠡᠷᠡᠭᠲᠡᠶ︔ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢ ᠬᠦᠴᠦᠨ ᠢ ᠢᠳᠡᠪᠬᠢᠲᠡᠶ ᠤᠯᠠᠮᠵᠢᠯᠠᠵᠤ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠲᠠᠢ ᠰᠦᠯᠵᠢᠶᠡᠨ ᠤ ᠢᠳᠡᠪᠬᠢ ᠬᠦᠴᠦᠨ ᠢ ᠬᠥᠲᠥᠯᠥᠨ ᠵᠢᠯᠣᠭᠤᠳᠤᠭᠴᠢ ᠪᠤᠯᠵᠤ᠂ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠳᠤ ᠢᠳᠡᠪᠬᠢᠲᠡᠢ ᠪᠠᠷ ᠬᠦᠴᠦᠨ ᠨᠡᠮᠡᠷᠢᠯᠡᠵᠦ ᠪᠠᠶᠢᠨ᠎ᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3