ᠤᠨᠤᠯ ᠤᠨ ᠤᠬᠠᠭᠤᠯᠤᠨ ᠲᠠᠶᠢᠯᠪᠤᠷᠢᠯᠠᠬᠤ ᠦᠵᠡᠯ ᠰᠠᠨᠠᠭ᠎ᠠ ᠪᠠᠨ ᠨᠢᠭᠡᠳᠬᠡᠬᠦ᠂ ᠬᠦᠴᠦᠨ ᠴᠢᠳᠠᠯ ᠢᠶᠠᠨ | ᠨᠢᠭᠲᠠᠷᠠᠭᠤᠯᠬᠤ᠂ ᠲᠡᠮᠡᠴᠡᠯ ᠤᠨ ᠵᠣᠷᠢᠭ ᠢ ᠬᠥᠪᠴᠢᠯᠡᠬᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ | ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ᠃ 5 ᠰᠠᠷ᠎ᠠ ᠶᠢᠨ 21 ᠤ ᠡᠳᠦᠷ᠂ ᠰᠢᠶᠠᠨ ᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠠᠴᠠ | ᠳᠠᠭᠠᠭᠠᠴᠢᠯᠠᠨ ᠡᠷᠬᠢᠯᠡᠭᠰᠡᠨ ᠰᠢᠩ ᠾᠧ ᠰᠢᠶᠠᠨ ᠤ 2024 ᠣᠨ ᠤ ︽ᠰᠢᠨ᠎ᠡ ᠠᠶᠠᠨ ᠵᠠᠮ ᠢᠶᠠᠨ ᠮᠠᠭᠲᠠᠨ ᠳᠠᠭᠤᠯᠠᠬᠤ︾ | ᠤᠨᠤᠯ ᠤᠨ ᠤᠬᠠᠭᠤᠯᠤᠨ ᠲᠠᠶᠢᠯᠪᠤᠷᠢᠯᠠᠬᠤ ᠰᠣᠯᠢᠯᠴᠠᠭᠠᠨ ᠤ ᠦᠵᠡᠭᠦᠯᠦᠯᠭᠡ ᠶᠢᠨ ᠬᠤᠷᠠᠯ ᠠᠮᠵᠢᠯᠲᠠ ᠲᠠᠢ ᠶᠠᠪᠤᠭᠳᠠᠪᠠ᠃ | | | ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠮᠣᠩᠭᠤᠯ ᠮᠣᠷᠢᠨ ᠤ ᠵᠣᠷᠢᠭ ᠰᠠᠨᠠᠭ᠎ᠠ ᠪᠠ ᠤᠮᠠᠷᠠᠲᠤ ᠬᠢᠯᠢ ᠶᠢᠨ | ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ | ᠦᠷᠭᠦᠯᠵᠢᠯᠡᠨ ᠪᠠᠶᠠᠯᠢᠭᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠲᠠ ᠬᠥᠳᠡᠭᠡ ᠶᠢᠨ | ᠬᠠᠮᠲᠤ ᠶᠢᠨ ᠬᠥᠭᠵᠢᠯᠲᠡ ᠶᠢ ᠠᠬᠢᠭᠤᠯᠵᠤ᠂ ᠣᠯᠠᠨ ᠲᠦᠮᠡᠨ ᠳᠤ ᠤᠶᠢᠯᠡᠴᠢᠯᠡᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ | ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠵᠦ᠂ ᠪᠥᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠬᠤ ᠳᠤ ᠬᠦᠴᠦᠲᠡᠶ ᠦᠵᠡᠯ ᠰᠠᠨᠠᠭᠠᠨ ᠤ ᠪᠠᠲᠤᠯᠠᠭ᠎ᠠ ᠪᠠ ᠣᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠬᠤ ᠶᠢᠨ | ᠲᠥᠯᠥᠭᠡ ᠶᠤᠮ᠃ | ᠰᠣᠯᠢᠯᠴᠠᠭᠠᠨ ᠤ ᠬᠤᠷᠠᠯ ᠳᠡᠭᠡᠷ᠎ᠡ᠂ ᠲᠠᠮᠢᠷᠴᠢᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠣᠯᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠲᠠᠢ ᠨᠢᠭᠲᠠ ᠤᠶᠠᠯᠳᠤᠭᠤᠯᠤᠨ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠪᠣᠯᠤᠨ ᠠᠵᠢᠯ ᠲᠦᠷᠦᠯ ᠤᠨ | ᠣᠨᠴᠠᠯᠢᠭ ᠲᠠᠢ ᠪᠠᠨ ᠤᠶᠠᠯᠳᠤᠭᠤᠯᠵᠤ᠂ ᠡᠯᠪᠡᠭ ᠪᠠᠶᠠᠯᠢᠭ ᠲᠡᠦᠬᠡ ᠶᠢᠨ ᠮᠠᠲ᠋ᠧᠷᠢᠶᠠᠯ᠂ ᠨᠠᠷᠢᠨ ᠪᠣᠳᠠᠲᠠᠢ ᠲᠤᠭ᠎ᠠ ᠪᠠᠷᠢᠮᠲᠠ ᠶᠢ | ᠬᠡᠷᠡᠭᠯᠡᠵᠦ᠂ ᠬᠥᠭᠵᠢᠯ ᠮᠠᠨᠳᠤᠯ ᠤᠨ ᠦᠯᠢᠭᠡᠷ ᠢ ᠭᠦᠨ ᠰᠡᠳᠬᠢᠯᠭᠡ ᠲᠠᠢ ᠪᠠᠷ ᠶᠠᠷᠢᠪᠠ᠃ | ᠲᠠᠮᠢᠷᠴᠢᠳ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠯᠠᠪᠳᠠᠭᠤᠨ ᠪᠠᠲᠤᠲᠠᠢ ᠦᠭᠡ ᠬᠡᠯᠡ᠂ | ᠪᠣᠷᠣᠭᠵᠢᠭᠤᠨ ᠦᠭᠡ ᠬᠡᠯᠡ᠂ ᠠᠮᠢᠳᠤᠯᠢᠭ ᠵᠢᠱᠢᠶ᠎ᠡ᠂ ᠴᠢᠩ ᠦᠨᠡᠨᠴᠢ ᠰᠡᠳᠬᠢᠯᠭᠡ ᠪᠠᠷ ︽ᠵᠢᠵᠢᠭ ᠦᠯᠢᠭᠡᠷ︾ ᠢᠶᠠᠷ ︽ | ᠰᠢᠨ᠎ᠡ ᠴᠠᠭ ᠦᠶ᠎ᠡ︾ ᠶᠢ ᠲᠤᠰᠬᠠᠵᠤ᠂ ︽ᠵᠢᠵᠢᠭ ᠬᠥᠮᠦᠨ︾ ᠢᠶᠠᠷ ︽ᠶᠡᠭᠡ ᠬᠠᠶᠢᠷ᠎ᠠ ᠰᠡᠳᠬᠢᠯᠭᠡ︾ ᠶᠢ ᠠᠴᠢᠶᠠᠯᠠᠵᠤ᠂ | ︽ᠵᠢᠵᠢᠭ ᠬᠡᠷᠴᠢᠭᠦᠷ︾ ︽ᠲᠤᠮᠤ ᠭᠤᠣᠯ ᠰᠡᠳᠦᠪ︾ ᠢ ᠲᠠᠶᠢᠯᠪᠤᠷᠢᠯᠠᠵᠤ᠂ ᠦᠨᠳᠦᠰᠦᠨ ᠱᠠᠲᠤᠨ ᠤ ᠬᠠᠷᠠᠭᠠᠰᠤ ᠠᠴᠠ | ᠨᠠᠮ ᠤᠨ ᠰᠢᠨ᠎ᠡ ᠶᠢ ᠡᠭᠦᠳᠬᠦ ᠤᠨᠤᠯ ᠢ ᠦᠨᠳᠦᠰᠦᠨ ᠱᠠᠲᠤᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠲᠠᠶᠢᠯᠪᠤᠷᠢᠯᠠᠵᠤ᠂ ᠭᠤᠶᠢᠳᠠ ᠰᠠᠶᠢᠬᠠᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠦᠪᠡᠳᠡᠭᠰᠢ ᠨᠠᠶᠢᠷ ᠢ ᠣᠯᠵᠤ᠂ | ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃ ᠬᠤᠷᠴᠠ ᠰᠢᠷᠦᠭᠦᠨ | ᠥᠷᠢᠰᠥᠯᠳᠦᠭᠡᠨ ᠢᠶᠠᠷ ᠳᠡᠮᠵᠢᠨ᠂ ᠡᠴᠦᠰ ᠲᠡᠭᠡᠨ 15 ᠰᠢᠯᠢᠳᠡᠭ ᠨᠢ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠪᠠᠷ | ᠦᠨᠡᠯᠡᠭᠳᠡᠭᠰᠡᠨ ᠪᠥᠭᠡᠳ ᠡᠨᠡ ᠪᠦᠯᠦᠭ ᠰᠢᠯᠢᠳᠡᠭ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠠᠴᠠ ᠤᠯᠠᠭᠠᠨᠴᠠᠪ | ᠬᠤᠲᠠ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠰᠣᠩᠭᠤᠨ ᠭᠠᠷᠭᠠᠪᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |