ᠰᠢᠩ ᠾᠧ ᠰᠢᠶᠠᠨ ᠴᠠᠷ ᠨᠠᠭᠤᠷ ᠲᠤ ᠬᠠᠮᠲᠤ ᠶᠢᠨ ᠬᠤᠷᠢᠮ ᠤᠨ ᠶᠣᠰᠣᠯᠠᠯ ᠬᠢᠵᠦ ᠤᠷᠤᠭ ᠤᠨ ᠵᠠᠩ ᠳᠠᠳᠬᠠᠯ ᠢ ᠰᠠᠨᠠᠭᠠᠴᠢᠯᠠᠪᠠ
ᠨᠡᠶᠢᠲᠡᠯᠡᠭᠰᠡᠨ ᠴᠠᠭ᠄
2024/5/22
     ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠵᠤ᠂ ᠪᠣᠯᠪᠠᠰᠤᠨ ᠢᠶᠠᠷ ᠠᠷᠪᠢᠯᠠᠨ ᠭᠠᠮᠨᠠᠬᠤ ᠬᠤᠷᠢᠮ ᠤᠨ ᠱᠢᠨ᠎ᠡ ᠰᠤᠷᠲᠠᠯ ᠢ ᠪᠣᠢ ᠪᠣᠯᠭᠠᠬᠤ ᠶᠢᠨ ᠲᠥᠯᠥᠭᠡ᠃ 5 ᠰᠠᠷ᠎ᠠ ᠶᠢᠨ 20 ᠤ ᠡᠳᠦᠷ᠂ ᠮᠠᠨ ᠤ ᠰᠢᠶᠠᠨ ᠴᠠᠷ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ᠳᠤ ᠲᠦᠷ ᠴᠠᠭ ᠤᠨ ᠤᠷᠤᠭ ᠤᠨ ᠪᠦᠷᠢᠳᠬᠡᠯ ᠤᠨ ᠭᠠᠵᠠᠷ ᠪᠠᠶᠢᠭᠤᠯᠤᠭᠰᠠᠨ ᠪᠥᠭᠡᠳ ᠬᠠᠮᠲᠤ ᠶᠢᠨ ᠬᠤᠷᠢᠮ ᠤᠨ ᠠᠵᠢᠯᠯᠠᠭ᠎ᠠ ᠥᠷᠨᠢᠭᠦᠯᠵᠦ᠂ 15 ᠰᠢᠨ᠎ᠡ ᠬᠥᠮᠥᠨ ᠳᠤ ᠣᠨᠴᠠᠭᠠᠶ ᠵᠥᠩᠨᠡᠯ ᠳᠡᠪᠰᠢᠭᠦᠯᠪᠡ᠃
     ᠲᠤᠰ ᠡᠳᠦᠷ ᠲᠤ᠂ ᠴᠠᠷ ᠨᠠᠭᠤᠷ ᠤᠨ ᠠᠮᠠᠷᠠᠯᠲᠠ ᠶᠢᠨ ᠣᠷᠣᠨ ᠳᠤ ᠬᠠᠯᠠᠭᠤᠨ ᠳᠤᠯᠠᠭᠠᠨ᠂ ᠷᠣᠮᠠᠨᠲ᠋ᠢᠭ ᠮᠥᠷᠲᠡᠭᠡᠨ ᠲᠥᠪ ᠶᠡᠬᠡᠮᠰᠦᠭ᠂ ᠬᠥᠷ ᠬᠥᠭᠵᠢᠶᠡᠨ ᠲᠠᠢ ᠪᠠᠶᠢᠳᠠᠯ ᠢᠯᠡᠷᠡᠪᠡ᠃ ᠥᠷᠯᠥᠭᠡ ᠶᠢᠨ 8 ᠴᠠᠭ ᠬᠠᠭᠠᠰ ᠲᠤ ᠂ ᠠᠵᠢᠯᠯᠠᠭ᠎ᠠ ᠳᠤ ᠣᠷᠣᠯᠴᠠᠭᠰᠠᠨ ᠰᠢᠨ᠎ᠡ ᠬᠥᠮᠦᠨ ᠬᠠᠮᠲᠤ ᠪᠠᠷ ᠴᠠᠷᠠᠰᠤᠨ ᠨᠠᠭᠤᠷ ᠤᠨ ᠠᠮᠠᠷᠠᠯᠲᠠ ᠶᠢᠨ ᠲᠣᠭᠤᠷᠢᠭ ᠲᠤ ᠬᠦᠷᠴᠦ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠠᠵᠢᠯᠲᠠᠳ ᠵᠤᠭᠠᠴᠠᠭᠰᠠᠳ ᠤᠨ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠳᠤ ᠲᠦᠷ ᠴᠠᠭ ᠤᠨ ᠤᠷᠤᠭ ᠤᠨ ᠪᠦᠷᠢᠳᠬᠡᠯ ᠤᠨ ᠭᠠᠵᠠᠷ ᠪᠠᠶᠢᠭᠤᠯᠵᠤ ᠂ 15 ᠬᠥᠮᠦᠨ ᠳᠤ ᠤᠷᠤᠭ ᠤᠨ ᠪᠦᠷᠢᠳᠬᠡᠯ ᠤᠨ ᠭᠠᠷ ᠭᠦᠢᠴᠡᠳᠬᠡᠯ ᠬᠢᠭᠰᠡᠨ ᠪᠥᠭᠡᠳ ᠠᠵᠢᠯᠯᠠᠭ᠎ᠠ ᠳᠤ ᠣᠷᠣᠯᠴᠠᠭᠰᠠᠨ ᠰᠢᠨ᠎ᠡ ᠬᠥᠮᠦᠨ ᠳᠤ ᠴᠡᠴᠡᠭ ᠡᠷᠭᠦᠵᠦ᠂ ᠳᠤᠷᠠᠰᠬᠠᠯ ᠤᠨ ᠡᠳ᠋ ᠵᠡᠷᠭᠡ ᠶᠢ ᠪᠡᠯᠡᠭᠯᠡᠪᠡ᠃ ᠬᠠᠮᠲᠤ ᠶᠢᠨ ᠬᠤᠷᠢᠮ ᠤᠨ ᠠᠵᠢᠯᠯᠠᠭ᠎ᠠ ᠳᠤ ᠪᠠᠶᠠᠯᠢᠭ ᠰᠠᠶᠢᠬᠠᠨ ᠭᠤᠭᠴᠤᠭ᠎ᠠ ᠲᠣᠬᠢᠷᠠᠭᠤᠯᠵᠤ᠂ ᠡᠭᠦᠨ ᠳᠤ ᠬᠠᠮᠲᠤ ᠶᠢᠨ ᠦᠨᠡᠮᠯᠡᠯ ᠣᠯᠭᠤᠬᠤ ᠶᠣᠰᠣᠯᠠᠯ᠂ ᠰᠦᠢᠳᠬᠡᠯ ᠬᠤᠷᠢᠶᠠᠬᠤ ᠦᠭᠡᠢ ᠪᠠᠷ ᠭᠡᠷᠡᠯ ᠵᠢᠷᠤᠭ ᠲᠠᠲᠠᠵᠤ ᠳᠤᠷᠠᠰᠬᠠᠯ ᠦᠯᠡᠳᠡᠭᠡᠬᠦ᠂ ᠴᠡᠴᠡᠷᠯᠢᠭ ᠢᠶᠠᠷ ᠵᠤᠭᠠᠴᠠᠵᠤ ᠺᠠᠷᠲ ᠠᠪᠬᠤ ᠵᠡᠷᠭᠡ ᠠᠭᠤᠯᠭ᠎ᠠ ᠶᠢ ᠪᠠᠭᠲᠠᠭᠠᠵᠤ᠂ ᠰᠢᠨ᠎ᠡ ᠬᠥᠮᠦᠨ ᠢ ᠬᠠᠪᠰᠤᠷᠤᠨ ᠴᠢᠬᠤᠯᠠ ᠡᠳᠦᠷ ᠤᠳ ᠲᠤ ᠰᠠᠶᠢᠨ ᠰᠠᠶᠢᠬᠠᠨ ᠡᠷᠭᠢᠴᠡᠭᠦᠯᠦᠯ ᠨᠡᠮᠡᠷᠢᠯᠡᠵᠦ᠂ ᠵᠣᠯ ᠵᠢᠷᠭᠠᠯᠲᠤ ᠤᠷᠤᠭ ᠤᠨ ᠶᠠᠪᠤᠳᠠᠯ ᠢ ︽ᠬᠠᠮᠠᠭᠠᠯᠠᠵᠤ︾᠂ ᠪᠣᠯᠪᠠᠰᠤᠨ ᠤᠷᠤᠭ ᠤᠨ ᠳᠠᠳᠬᠠᠯ ᠢ ᠰᠠᠨᠠᠭᠠᠴᠢᠯᠠᠪᠠ᠃      ᠬᠠᠮᠲᠤ ᠶᠢᠨ ᠬᠤᠷᠢᠮ ᠤᠨ ᠶᠣᠰᠣᠯᠠᠯ ᠳᠠᠭᠤᠰᠤᠭᠰᠠᠨ ᠤ ᠳᠠᠷᠠᠭ᠎ᠠ᠂ 15 ᠰᠢᠨ᠎ᠡ ᠬᠥᠮᠦᠨ ᠤ ᠴᠠᠷ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ᠳᠤ ᠠᠯᠬᠤᠯᠠᠬᠤ ᠠᠵᠢᠯᠯᠠᠭ᠎ᠠ ᠬᠢᠵᠦ᠂ ᠠᠮᠠᠷᠠᠯᠲᠠ ᠶᠢᠨ ᠣᠷᠣᠨ ᠤ ᠵᠤᠨ ᠤ ᠡᠬᠢ ᠪᠠᠷ ᠦᠵᠡᠰᠬᠦᠯᠡᠩᠲᠦ ᠰᠠᠶᠢᠬᠠᠨ ᠥᠩᠭᠡ ᠦᠵᠡᠮᠵᠢ ᠶᠢ ᠰᠣᠨᠢᠷᠬᠠᠬᠤ ᠶᠢᠨ ᠬᠠᠮᠲᠤ ᠪᠣᠯᠪᠠᠰᠤᠨ ᠡᠷᠡᠭᠦᠯ ᠴᠢᠭᠢᠷᠠᠭ ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠪᠡ᠃      ᠲᠣᠰ ᠤᠳᠠᠭᠠᠨ ᠤ ᠬᠠᠮᠲᠤ ᠶᠢᠨ ᠬᠤᠷᠢᠮ ᠤᠨ ᠠᠵᠢᠯᠯᠠᠭ᠎ᠠ ᠶᠢ ᠤᠷᠢᠳᠴᠢᠯᠠᠨ ᠬᠠᠯᠠᠬᠤ ᠠᠴᠠ ᠵᠢᠩᠬᠢᠨᠢ ᠪᠠᠷ ᠡᠷᠭᠢᠯᠡᠬᠦ ᠪᠣᠯᠲᠠᠯ᠎ᠠ ᠨᠡᠶᠢᠭᠡᠮ ᠨᠡᠶᠢᠲᠡ ᠶᠢᠨ ᠠᠩᠬᠠᠷᠤᠯ ᠢ ᠥᠷᠭᠡᠨ ᠢᠶᠠᠷ ᠲᠠᠲᠠᠵᠤ᠂ ᠰᠢᠨ᠎ᠡ ᠰᠡᠪᠡᠭᠦᠨ ᠡᠭᠡᠯ ᠪᠣᠷᠣᠭᠵᠢᠭᠤᠨ ᠮᠥᠷᠲᠡᠭᠡᠨ ᠦᠪᠡᠳᠡᠭᠰᠢ ᠶᠡᠭᠡ᠂ ᠷᠣᠮᠠᠨᠲ᠋ᠢᠭ ᠬᠤᠷᠢᠮ ᠤᠨ ᠶᠣᠰᠣᠯᠠᠯ ᠤᠨ ᠠᠷᠭ᠎ᠠ ᠮᠠᠶ᠋ᠢᠭ ᠨᠢ ᠮᠠᠨ ᠤ ᠰᠢᠶᠠᠨ ᠤ ᠪᠠᠶᠠᠷ ᠤᠨ ᠶᠠᠪᠤᠳᠠᠯ ᠢ ᠰᠢᠨ᠎ᠡ ᠪᠠᠷ ᠰᠢᠢᠳᠪᠦᠷᠢᠯᠡᠬᠦ ᠨᠡᠶᠢᠭᠡᠮ ᠤᠨ ᠰᠢᠨ᠎ᠡ ᠰᠤᠷᠲᠠᠯ ᠢ ᠪᠠᠳᠠᠷᠠᠭᠤᠯᠵᠤ᠂ ᠪᠣᠯᠪᠠᠰᠤᠨ ᠢᠶᠠᠷ ᠠᠷᠪᠢᠯᠠᠨ ᠭᠠᠮᠨᠠᠬᠤ᠂ ᠡᠷᠡᠭᠦᠯ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠥᠷᠭᠡᠨ ᠣᠯᠠᠨ ᠵᠠᠯᠠᠭᠤᠴᠤᠳ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠬᠤᠷᠢᠮ ᠤᠨ ᠵᠠᠩ ᠳᠠᠳᠬᠠᠯ ᠤᠨ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠭᠠᠬᠤ ᠪᠠᠷ ᠴᠢᠷᠮᠠᠶᠢᠬᠤ ᠳᠤ ᠪᠦᠲᠦᠮᠵᠢᠲᠡᠶ ᠦᠢᠯᠡᠳᠦᠯ ᠦᠵᠡᠭᠦᠯᠵᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ        
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3