ᠴᠧᠩ ᠭᠤᠸᠠᠨ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠄ ᠦᠨᠳᠦᠰᠦᠲᠡᠨ ᠤ ᠪᠦᠯᠬᠦᠮᠳᠡᠯ ᠤᠨ ︽ᠦᠢᠯᠡᠳᠦᠯᠭᠡᠵᠢᠭᠦᠯᠦᠭᠴᠢ︾ ᠪᠣᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/22
     5 ᠰᠠᠷ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠯᠥᠭᠡᠯᠡᠭᠴᠢ ᠭᠡᠰᠢᠭᠦᠳ ᠤᠨ ᠣᠯᠠᠨ ᠲᠦᠮᠡᠨ ᠲᠠᠢ ᠬᠠᠷᠢᠯᠴᠠᠬᠤ᠂ ᠣᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠴᠧᠩ ᠭᠤᠸᠠᠨ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠯᠡ ᠲᠣᠳᠣ ᠪᠦᠲᠦᠮᠵᠢᠲᠡᠶ ᠥᠷᠨᠢᠭᠦᠯᠪᠡ᠃ ᠡᠭᠦᠨ ᠤ ᠬᠠᠮᠲᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ︽ᠰᠠᠷ᠎ᠠ ᠪᠠᠷ ᠰᠤᠷᠪᠤᠯᠵᠢᠯᠠᠬᠤ︾ ᠠᠵᠢᠯᠯᠠᠭ᠎ᠠ ᠲᠠᠢ ᠤᠶᠠᠯᠳᠤᠭᠤᠯᠤᠨ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠶᠢᠯᠡᠳᠪᠤᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠲᠡᠳᠡᠨ ᠤ ᠪᠠᠴᠢᠮ ᠪᠡᠷᠬᠡ ᠵᠣᠪᠠᠨᠢᠯ ᠢ  ᠰᠢᠢᠳᠪᠤᠷᠢᠯᠡᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠴᠧᠩ ᠭᠤᠸᠠᠨ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠰᠢᠩ ᠬᠤᠸᠠ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠠᠩᠭᠢ᠂ ᠤᠳᠬ᠎ᠠ ᠤᠷᠠᠯᠢᠭ ᠤᠨ ᠳᠤᠷ᠎ᠠ ᠪᠠᠭ᠋ᠠᠲᠠᠶ ᠬᠥᠮᠦᠰ ᠢ ᠵᠣᠬᠢᠶᠠᠨ ᠪᠠᠶᠢᠭᠤᠯᠵᠤ ᠤᠷᠠᠨ ᠰᠠᠶᠢᠬᠠᠨ ᠤ ᠲᠣᠭᠯᠠᠯᠲᠠ ᠥᠷᠨᠢᠭᠦᠯᠪᠡ᠃ ᠲᠡᠳᠡ ᠣᠷᠭᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠣᠯᠠᠨ ᠲᠦᠮᠡᠨ ᠳᠤ ᠳᠡᠪᠢᠭᠦᠷ ᠪᠥᠵᠢᠭ ︽ᠡᠬᠡ ᠤᠯᠤᠰ ᠲᠠ ᠰᠠᠶᠢᠨ ᠤᠤ︾᠂ ᠭᠤᠷᠪᠠᠨ ᠥᠭᠦᠯᠡᠪᠦᠷᠢ ᠬᠠᠭᠠᠰ ︽ᠦᠨᠳᠦᠰᠦᠲᠡᠨ ᠨᠦᠭᠦᠳ ᠤᠨ ᠣᠯᠠᠨ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠲᠣᠭᠯᠠᠵᠤ᠂ ᠭᠤᠤᠯ ᠰᠡᠳᠦᠪ ᠨᠢ ᠲᠣᠪᠤᠶᠢᠮ᠎ᠠ᠂ ᠠᠶᠢᠵᠠᠮ ᠨᠢ ᠪᠠᠶᠠᠷ ᠬᠥᠷ ᠲᠠᠢ ᠪᠠᠶᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠨᠢᠭᠡᠳᠴᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠪᠥᠬᠦ ᠪᠠᠯᠭᠠᠰᠤᠨ ᠤ ᠦᠨᠳᠦᠰᠦᠲᠡᠨ ᠨᠦᠭᠦᠳ ᠤᠨ ᠰᠣᠶᠣᠯ ᠤᠨ ᠶᠡᠭᠡ ᠬᠥᠭᠵᠢᠯ ᠴᠡᠴᠡᠭᠯᠡᠯ ᠢ ᠠᠬᠢᠭᠤᠯᠪᠠ᠃      ᠲᠥᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠶᠢᠨ ︽ᠤᠬᠠᠭᠤᠯᠤᠭᠴᠢ︾ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠶᠢ ᠨᠠᠩ ᠢᠯᠡ ᠪᠣᠯᠭᠠᠪᠠ      ᠴᠧᠩ ᠭᠤᠸᠠᠨ ᠪᠠᠯᠭᠠᠰᠤ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠲᠤᠬᠠᠶ ᠶᠢᠨ ᠲᠠᠯᠠᠪᠠᠶ ᠳᠤ ᠰᠠᠭᠤᠭᠠᠯᠢ ᠠᠷᠠᠳ ᠣᠯᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠥᠭᠡᠳ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠰᠠᠮᠪᠠᠷ᠎ᠠ ᠳᠤ ᠲᠦᠰᠢᠭᠯᠡᠨ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠶ ᠪᠠᠷ ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ᠂ ᠬᠠᠮᠲᠤ ᠶᠢᠨ ᠳᠠᠪᠰᠢᠯᠲᠠ ᠶᠢᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠪᠠ᠃      ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ︽ᠴᠤᠭᠯᠠᠭᠤᠯᠤᠭᠴᠢ︾ ᠪᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠶᠢ ᠨᠡᠩ ᠢᠯᠡᠭᠦᠦ ᠤᠬᠠᠭᠤᠯᠪᠠ᠃    ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠭᠦᠨᠵᠡᠭᠡᠶ ᠣᠶᠢᠯᠠᠭᠠᠬᠤ ᠶᠢᠨ ᠲᠥᠯᠥᠭᠡ᠂ ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠲᠥᠯᠥᠭᠡᠯᠡᠭᠴᠢ ᠭᠡᠰᠢᠭᠦᠳ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠣᠯᠠᠨ ᠲᠦᠮᠡᠨ ᠤ ︽ᠬᠡᠷ ᠤᠨ ᠠᠬᠠᠮᠠᠳ︾ ᠪᠠᠶᠢᠬᠤ ᠶᠢ ᠨᠠᠷᠢᠨ ᠬᠢᠨᠠᠮᠠᠭᠠᠶ ᠰᠣᠨᠣᠰᠴᠤ᠂ ᠲᠡᠳᠡᠨ ᠤ ᠠᠮᠢᠳᠤᠷᠠᠯ ᠤᠨ ᠪᠠᠶᠢᠳᠠᠯ ᠪᠠ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠬᠦᠯᠢᠴᠡᠩᠭᠦᠶ ᠪᠠᠷ ᠯᠠᠪᠯᠠᠨ ᠠᠰᠠᠭᠤᠬᠤ ᠶᠢᠨ ᠬᠠᠮᠲᠤ ᠰᠠᠨᠠᠯ ᠰᠠᠨᠠᠭᠤᠯᠭ᠎ᠠ ᠬᠤᠷᠢᠶᠠᠪᠠ᠃      ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ︽ᠦᠢᠯᠡᠴᠢᠯᠡᠭᠴᠢ︾ ᠪᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠶᠢ ᠨᠡᠩ ᠪᠦᠲᠦᠮᠵᠢᠲᠡᠢ ᠪᠣᠯᠭᠠᠬᠤ ᠬᠡᠷᠡᠭᠲᠡᠢ      ᠴᠧᠩ ᠭᠤᠸᠠᠨ ᠪᠠᠯᠭᠠᠰᠤ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠣᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠪᠥᠬᠦ ᠰᠡᠳᠬᠢᠯ ᠪᠥᠬᠦ ᠴᠢᠳᠠᠯ ᠢᠶᠠᠷ ᠢᠶᠠᠨ ᠣᠯᠠᠨ ᠲᠦᠮᠡᠨ ᠤ ︽ᠣᠷᠣᠯᠠᠨ ᠥᠭᠦᠯᠡᠭᠴᠢ︾ ᠪᠣᠯᠵᠣ᠂ ᠣᠯᠠᠨ ᠲᠦᠮᠡᠨ ᠤ ᠰᠠᠨᠠᠯ ᠰᠠᠨᠠᠭᠤᠯᠭ᠎ᠠ ᠪᠠ ︽ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ ᠡᠮᠬᠢᠯᠡᠨ ᠳᠢᠭᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠤᠨ᠂ ᠣᠯᠠᠨ ᠲᠦᠮᠡᠨ ᠢ ᠬᠠᠪᠰᠤᠷᠤᠨ ︽ᠪᠤᠬᠢᠨᠢᠳᠤᠵᠤ ᠪᠠᠶᠢᠭ᠎ᠠ ᠤᠴᠢᠷ︾᠂ ︽ᠵᠣᠪᠠᠵᠤ ᠪᠠᠶᠢᠭ᠎ᠠ ᠤᠴᠢᠷ︾ ᠢ ᠰᠢᠢᠳᠪᠤᠷᠢᠯᠡᠵᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠵᠣᠪᠠᠨᠢᠯ ᠢ ᠰᠢᠢᠳᠪᠤᠷᠢᠯᠡᠬᠦ ᠶᠢ ᠦᠨᠡᠨ ᠬᠦ ᠪᠡᠶᠡᠯᠡᠭᠦᠯᠪᠡ᠃      ᠳᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠤᠭᠴᠢ᠂ ᠦᠨᠳᠦᠰᠦᠲᠡᠨ ᠤ ᠪᠦᠯᠬᠦᠮᠳᠡᠯ ᠤᠨ ᠦᠢᠯᠡᠳᠦᠯᠭᠡᠵᠢᠭᠦᠯᠦᠭᠴᠢ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠬᠠᠮᠠᠭᠠᠯᠠᠭᠴᠢ ᠪᠤᠯᠵᠤ᠂ ᠵᠥᠪ ᠲᠠᠯ᠎ᠠ ᠠᠴᠠ ᠦᠭᠡ ᠬᠡᠯᠡᠬᠦ ᠶᠢ ᠪᠠᠷᠢᠮᠲᠠᠯᠠᠵᠤ ᠤᠬᠠᠭᠤᠯᠭ᠎ᠠ ᠶᠢ ᠰᠠᠶᠢᠲᠤᠷ ᠬᠢᠬᠦ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠲᠥᠯᠥᠭᠡᠯᠡᠭᠴᠢ ᠭᠡᠰᠢᠭᠦᠳ ᠤᠨ ᠬᠦᠴᠦᠨ ᠴᠢᠳᠠᠯ ᠢᠶᠠᠨ ᠡᠷᠭᠦᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠵᠦ᠂ ᠪᠦᠬᠦ ᠪᠠᠯᠭᠠᠰᠤ ᠶᠢᠨ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃                         ᠵᠤᠬᠢᠶᠠᠭᠴᠢ᠄ ᠴᠧᠩ ᠭᠤᠸᠠᠨ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3