ᠮᠠᠨ ᠤ ᠰᠢᠶᠠᠨ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 24 ᠤ ᠡᠳᠦᠷ᠂ ᠮᠠᠨ ᠤ ᠰᠢᠶᠠᠨ 2024 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ ᠵᠢᠴᠢ ᠰᠢᠶᠠᠨ ᠤ ᠰᠣᠷᠣᠭᠴᠢ ᠡᠯᠰᠡᠬᠦ ᠵᠥᠪᠯᠡᠯ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠳᠡᠭᠡᠳᠦ ᠱᠠᠲᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠲᠤᠬᠠᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠪᠣᠯ ᠤᠯᠤᠰ ᠤᠨ ᠴᠢᠳᠠᠪᠤᠷᠢᠲᠠᠨ ᠢ ᠰᠢᠯᠢᠨ ᠳᠡᠪᠰᠢᠭᠦᠯᠬᠦ ᠴᠢᠬᠤᠯᠠ ᠠᠵᠢᠯ ᠮᠥᠨ᠂ ᠲᠦᠭ ᠲᠦᠮᠡᠨ ᠠᠶᠢᠯ ᠡᠷᠦᠬᠡ ᠶᠢᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠰᠢᠯᠭᠠᠯᠲᠠ ᠶᠢᠨ ᠠᠮᠤᠷ ᠲᠦᠪᠰᠢᠨ ᠪᠣᠯ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠢᠨ ᠰᠤᠳᠠᠰᠤ ᠮᠥᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠷᠬᠡ ᠲᠡᠭᠰᠢ ᠪᠠᠶᠢᠬᠤ ᠶᠢ ᠦᠨᠡᠨ ᠬᠦ ᠪᠠᠲᠤᠯᠠᠬᠤ ᠰᠠᠭᠤᠷᠢ ᠮᠥᠨ᠃ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠨᠦᠭᠦᠳ ︽ᠭᠤᠷᠪᠠ ᠥᠬᠡᠶ ᠭᠤᠷᠪᠠ ᠶᠢ ᠲᠣᠭᠲᠠᠭᠤᠨ ᠪᠠᠶᠢᠯᠭᠠᠵᠤ ᠭᠤᠷᠪᠠ ᠶᠢ ᠪᠠᠲᠤᠯᠠᠬᠤ︾ ᠠᠵᠢᠯ ᠤᠨ ᠬᠠᠷᠠᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠬᠠᠷᠢᠯᠴᠠᠨ ᠬᠠᠮᠵᠢᠯᠴᠠᠵᠤ ᠪᠠᠶᠢᠭᠠᠳ ᠲᠣᠭᠲᠠᠭᠤᠨ ᠠᠮᠤᠷ ᠲᠦᠪᠰᠢᠨ ᠰᠢᠯᠭᠠᠯᠲᠠ ᠶᠢᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠬᠡᠷᠡᠭᠲᠡᠶ᠃ ᠰᠢᠯᠭᠠᠯᠲᠠ ᠶᠢᠨ ᠶᠠᠪᠤᠳᠠᠯ ᠤᠨ ᠠᠵᠢᠯ ᠤᠨ ᠡᠯ᠎ᠡ ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠪᠡᠶᠡᠯᠡᠭᠦᠯᠵᠦ᠂ ᠨᠢᠭᠤᠴᠠ ᠶᠢ ᠬᠠᠮᠠᠭᠠᠯᠠᠬᠤ ᠲᠠᠰᠤᠭ ᠤᠨ ᠪᠠᠶᠢᠴᠠᠭᠠᠯᠲᠠ ᠵᠡᠷᠭᠡ ᠡᠯ᠎ᠡ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠂ ᠭᠡᠮ ᠦᠢᠯᠡᠳᠬᠦ ᠬᠡᠷᠡᠭ ᠡᠭᠦᠰᠬᠦ ᠶᠢ ᠡᠷᠡᠰ ᠬᠤᠷᠢᠭᠯᠠᠵᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠰᠢᠯᠭᠠᠭᠤᠯᠤᠭᠰᠠᠳ ᠤᠨ ᠦᠢᠯᠡᠴᠢᠯᠡᠭᠡ ᠶᠢ ᠴᠢᠩᠭᠠᠳᠬᠠᠵᠤ᠂ ᠠᠮᠤᠷ ᠢ ᠬᠠᠮᠠᠭᠠᠯᠠᠬᠤ᠂ ᠶᠠᠪᠤᠵᠤ ᠰᠠᠭᠤᠬᠤ᠂ ᠢᠳᠡᠵᠦ ᠤᠤᠭᠤᠬᠤ ᠬᠤᠨᠣᠵᠤ ᠬᠡᠪᠲᠡᠬᠦ᠂ ᠡᠷᠡᠭᠦᠯ ᠬᠠᠮᠠᠭᠠᠯᠠᠯ᠂ ᠡᠮᠴᠢᠯᠡᠭᠡ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢ ᠬᠢᠨᠠᠮᠠᠭᠠᠶ ᠰᠠᠶᠢᠲᠤᠷ ᠬᠢᠵᠦ᠂ ᠰᠢᠯᠭᠠᠯᠲᠠ ᠶᠢᠨ ᠳᠠᠷᠠᠭᠠᠬᠢ ᠰᠢᠯᠭᠠᠭᠤᠯᠤᠭᠴᠢ ᠶᠢᠨ ᠰᠠᠶᠢᠨ ᠳᠤᠷ᠎ᠠ ᠠᠴᠠ ᠪᠠᠨ ᠲᠠᠭᠯᠠᠨ ᠮᠡᠳᠡᠭᠦᠯᠬᠦ ᠦᠢᠯᠡᠴᠢᠯᠡᠭᠡ ᠪᠠ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠠᠵᠢᠯ ᠢ ᠰᠠᠶᠢᠲᠤᠷ ᠬᠢᠵᠦ᠂ ᠮᠠᠨ ᠤ ᠰᠢᠶᠠᠨ ᠤ 2024 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3