ᠴᠧᠩ ᠭᠤᠸᠠᠨ ᠪᠠᠯᠭᠠᠰᠤᠨ ᠤ ᠰᠢᠩ ᠹᠠ ᠨᠡᠶᠢᠭᠡᠮ ᠲᠣᠭᠤᠷᠢᠭ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠤᠬᠠᠭᠤᠯᠭ᠎ᠠ ᠶᠢᠨ ᠬᠦᠳᠡᠯᠭᠡᠭᠡᠨ ᠨᠢ ᠣᠯᠠᠨ ᠲᠦᠮᠡᠨ ᠲᠠᠢ ᠣᠶᠢᠷᠠᠲᠤᠵᠤ ᠬᠥᠮᠦᠰ ᠤᠨ ᠬᠦᠷᠢᠶᠡᠯᠡᠯ ᠢ ᠤᠯᠪᠠ
ᠨᠡᠶᠢᠲᠡᠯᠡᠭᠰᠡᠨ ᠴᠠᠭ᠄
2024/5/28
     5 ᠰᠠᠷ᠎ᠠ ᠶᠢᠨ 22 ᠤᠨ ᠣᠷᠣᠢ᠂ ᠮᠠᠨ ᠤ ᠰᠢᠶᠠᠨ ᠤ ᠰᠢᠨ᠎ᠡ ᠵᠠᠭᠤᠨ ᠤ ᠠᠭᠤᠳᠠᠮ ᠲᠠᠯᠠᠪᠠᠢ ᠣᠨᠴᠠᠭᠠᠢ ᠬᠦᠷ ᠬᠥᠭᠵᠢᠶᠡᠨ ᠲᠠᠢ ᠪᠣᠯᠵᠤ᠂ ᠬᠥᠮᠥᠰ ᠤᠨ ᠳᠤᠮᠳᠠ ᠪᠠᠶᠢᠨ ᠪᠠᠶᠢᠨ ᠮᠠᠭᠲᠠᠭᠠᠯ ᠰᠠᠶᠢᠰᠢᠶᠠᠯ ᠰᠣᠨᠣᠰᠳᠠᠨ᠎ᠠ᠃ ᠤᠤᠯ ᠨᠢ ᠴᠧᠩ ᠭᠤᠸᠠᠨ ᠪᠠᠯᠭᠠᠰᠤᠨ ᠤ ᠰᠢᠩ ᠹᠠ ᠨᠡᠶᠢᠭᠡᠮ ᠲᠣᠭᠤᠷᠢᠭ ᠶᠠᠭ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠤᠬᠠᠭᠤᠯᠭ᠎ᠠ ᠤᠷᠠᠨ ᠰᠠᠶᠢᠬᠠᠨ ᠤ ᠲᠣᠭᠯᠠᠯᠲᠠ ᠥᠷᠨᠢᠭᠦᠯᠵᠦ ᠪᠠᠶᠢᠪᠠ᠃ ᠲᠣᠭᠯᠠᠯᠲᠠ ᠶᠢᠨ ᠲᠣᠭᠯᠠᠯᠲᠠ ᠨᠢ ᠤᠯᠠᠨ ᠶᠠᠩᠵᠤ ᠶᠢᠨ ᠪᠠᠶᠢᠵᠤ᠂ ᠭᠠᠵᠠᠷ ᠣᠷᠣᠨ ᠤ ᠣᠨᠴᠠᠯᠢᠭ ᠨᠢ ᠭᠦᠨ ᠵᠤᠵᠠᠭᠠᠨ ᠪᠠᠶᠢᠵᠤ᠂ ᠤᠯᠠᠨ ᠲᠦᠮᠡᠨ ᠤ ᠠᠩᠬᠠᠷᠤᠯ ᠢ ᠶᠡᠬᠡᠳᠡ ᠲᠠᠲᠠᠪᠠ᠃ ᠲᠣᠭᠯᠠᠯᠲᠠ ᠨᠢ ᠰᠢᠩ ᠹᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠤᠷᠠᠯᠢᠭ ᠤᠨ ᠪᠦᠯᠬᠦᠮ ᠤᠨ ᠠᠪᠴᠢᠷᠠᠭᠰᠠᠨ ᠳᠠᠭᠤᠤ ︽ᠲᠠᠪᠢᠨ ᠵᠢᠷᠭᠤᠭᠠᠨ ᠦᠨᠳᠦᠰᠦᠲᠡᠨ︾ ᠳᠤ ᠬᠥᠰᠢᠭᠡ ᠪᠠᠨ ᠰᠡᠬᠦᠪᠡ᠃ ᠳᠠᠷᠠᠭ᠎ᠠ ᠨᠢ ᠤᠷᠠᠨ ᠤᠩᠰᠢᠯᠭ᠎ᠠ᠂ ᠬᠥᠭᠵᠢᠮ ᠤᠨ ᠵᠢᠮᠰᠡᠭ ᠤᠨ ᠲᠣᠭᠯᠠᠯᠲᠠ᠂ ᠬᠤᠶᠠᠷ ᠬᠦᠮᠦᠨ ᠤ ᠲᠣᠭᠯᠠᠯᠲᠠ ᠡᠭᠡᠯᠵᠢᠯᠡᠨ ᠶᠠᠪᠤᠭᠳᠠᠪᠠ᠃ ᠪᠦᠬᠦ᠋ᠢᠯᠡ ᠲᠣᠭᠯᠠᠯᠲᠠ ᠨᠢ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠤ᠂ ᠦᠨᠳᠦᠰᠦᠲᠡᠨ ᠤ ᠲᠥᠷᠦ ᠶᠢᠨ ᠪᠣᠳᠣᠯᠭ᠎ᠠ ᠶᠢ ᠤᠬᠠᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠪᠡ᠃      ᠰᠢᠩ ᠹᠠ ᠨᠡᠶᠢᠭᠡᠮ ᠲᠣᠭᠤᠷᠢᠭ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ 5 ᠰᠠᠷ᠎ᠠ ᠪᠣᠯ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠣᠯᠤᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠶᠢᠨ ᠲᠥᠯᠥᠭᠡ᠂ ᠰᠢᠩ ᠹᠠ ᠨᠡᠶᠢᠭᠡᠮ ᠲᠣᠭᠤᠷᠢᠭ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠬᠦᠳᠡᠯᠭᠡᠭᠡᠨ ᠥᠷᠨᠢᠭᠦᠯᠪᠡ᠃      ᠬᠦᠳᠡᠯᠭᠡᠭᠡᠨ ᠤ ᠲᠤᠬᠠᠶ ᠶᠢᠨ ᠡᠳᠦᠷ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠪᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠰᠠᠭᠤᠭᠠᠯᠢ ᠠᠷᠠᠳ ᠣᠯᠠᠨ ᠳᠤ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠮᠠᠨ ᠤ ᠰᠢᠶᠠᠨ ᠤ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠴᠢᠩᠭᠠᠳᠬᠠᠪᠠ᠃      ᠳᠠᠷᠠᠭᠠᠴᠢ ᠶᠢᠨ ᠠᠯᠬᠤᠮ ᠳᠤ᠂ ᠰᠢᠩ ᠹᠠ ᠨᠡᠶᠢᠭᠡᠮ ᠲᠣᠭᠤᠷᠢᠭ ᠤᠨ ᠬᠢᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠨᠡᠩ ᠢᠯᠡ ᠲᠦᠷᠦᠭᠳᠡᠯ ᠲᠠᠢ ᠪᠦᠲᠦᠮᠵᠢᠲᠡᠢ ᠠᠬᠢᠭᠤᠯᠵᠤ᠂ ᠬᠠᠷᠢᠶ᠎ᠠ ᠣᠷᠣᠨ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠤᠨ ᠬᠠᠨᠳᠤᠰᠢ᠂ ᠪᠠᠭ᠋ᠠᠷᠬᠠᠯ ᠲᠠᠢ ᠬᠠᠯᠠᠭᠤᠨ ᠳᠤᠯᠠᠭᠠᠨ ᠭᠡᠷ ᠣᠷᠣᠨ ᠪᠣᠯᠭᠠᠨ ᠪᠦᠳᠦᠭᠡᠨ ᠪᠠᠶᠢᠭᠤᠯᠤᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3